ᠬᠡᠷᠡᠯᠳᠦᠠᠣᠳᠦ ᠰᠣᠮᠣᠨ ᠤ ᠮᠠᠯᠴᠢᠳ ᠲᠤ ᠢᠯᠡᠭᠡᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2024/6/19
ᠬᠦᠨᠳᠦᠲᠦ ᠮᠠᠯᠴᠢᠨ ᠳᠦᠮᠡᠨ ᠮᠢᠨᠢ᠄       ᠲᠠ ᠪᠦᠬᠦᠨ ᠰᠠᠶᠢᠬᠠᠨ ᠵᠣᠰᠠᠵᠦ ᠪᠠᠶᠢᠨ᠎ᠠ ᠤᠤ︖ ᠲᠠᠯ᠎ᠠ ᠨᠤᠲᠤᠭ — ᠡᠨᠡᠬᠦ ᠥᠷᠭᠡᠨ ᠠᠭᠤᠳᠠᠮ ᠨᠤᠲᠤᠭ ᠳᠡᠪᠢᠰᠬᠡᠷ ᠪᠣᠯ ᠪᠢᠳᠡᠨ ᠤ ᠡᠬᠢ ᠡᠬᠦᠰᠦᠯ᠂ ᠪᠢᠳᠡᠨ ᠤ ᠠᠮᠢᠳᠤᠷᠠᠯ ᠤᠨ ᠥᠯᠥᠭᠡᠶ᠂ ᠰᠡᠳᠬᠢᠯ ᠤᠨ ᠳᠣᠯᠠᠭᠠᠨ ᠪᠠᠭᠤᠴᠠ ᠪᠣᠯᠣᠨ᠎ᠠ᠃ ᠲᠡᠷᠡ ᠨᠢ ᠪᠢᠳᠡᠨ ᠤ ᠦᠩᠭᠡᠷᠡᠭᠰᠡᠨ ᠲᠡᠦᠬᠡ ᠶᠢ ᠠᠴᠢᠶᠠᠯᠠᠵᠤ᠂ ᠮᠠᠨ ᠤ ᠬᠦᠭᠵᠢᠯᠳᠠ ᠶᠢᠨ ᠤᠯᠠ ᠮᠥᠷ ᠢ ᠨᠣᠲᠠᠯᠠᠵᠤ᠂ ᠨᠡᠩ ᠴᠤ ᠪᠢᠳᠡᠨ ᠤ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠭᠤᠯᠠᠵᠦ ᠪᠠᠶᠢᠨ᠎ᠠ᠃ ᠭᠡᠲᠡᠯ᠎ᠡ ᠣᠶᠢᠷ᠎ᠠ ᠶᠢᠨ ᠵᠢᠯ ᠤᠳ ᠲᠤ ᠠᠭᠤᠷ ᠠᠮᠢᠰᠬᠤᠯ ᠤᠨ ᠬᠤᠪᠢᠷᠠᠯᠲᠠ᠂ ᠭᠠᠩ ᠬᠠᠭᠤᠷᠠᠶ ᠪᠣᠷᠣᠭᠠᠨ ᠬᠤᠷ᠎ᠠ ᠪᠠᠭ᠎ᠠ ᠵᠡᠷᠭᠡ ᠰᠢᠯᠲᠠᠭᠠᠨ ᠠᠴᠠ ᠪᠣᠯᠵᠣ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠵᠢᠯ ᠳᠠᠷᠠᠭᠠᠯᠠᠨ  ᠮᠠᠭᠤᠳᠠᠵᠦ᠂  ᠠᠵᠦ ᠠᠬᠤᠢ ᠠᠮᠢᠳᠣᠷᠠᠯ ᠤᠨ ᠬᠦᠴᠦᠨ ᠵᠢᠯ ᠠᠴᠠ ᠪᠠᠨ ᠵᠢᠯ ᠳᠣᠷᠣᠶᠢᠳᠠᠵᠦ᠂  ᠳᠠᠯ᠎ᠠ ᠨᠤᠲᠤᠭ ᠶᠠᠭ ᠤᠷᠢᠳ ᠡᠮᠦᠨ᠎ᠡ ᠪᠠᠶᠢᠭ᠎ᠠ ᠥᠬᠡᠶ ᠥᠷᠢᠰᠥᠯᠳᠦᠭᠡᠨ ᠲᠤᠯᠭᠠᠷᠠᠵᠤ ᠪᠠᠶᠢᠨ᠎ᠠ᠃      ᠨᠤᠲᠤᠭ ᠪᠡᠯᠴᠢᠭᠡᠷ ᠮᠠᠭᠤᠵᠢᠷᠠᠭᠰᠠᠨ ᠪᠠ ᠡᠯᠡᠰᠦᠷᠬᠡᠭᠵᠢᠭᠰᠡᠨ ᠨᠢ ᠮᠠᠨ ᠤ ᠠᠮᠢ ᠠᠬᠤᠶ ᠶᠢᠨ ᠣᠷᠴᠢᠨ ᠲᠣᠭᠤᠷᠢᠨ ᠢ ᠨᠥᠯᠥᠭᠡᠯᠡᠬᠦ ᠪᠠᠷ ᠪᠠᠷᠠᠬᠤ ᠦᠭᠡᠶ ᠮᠠᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢ ᠰᠦᠷᠳᠡᠭᠦᠯᠵᠦ ᠪᠠᠶᠢᠭ᠎ᠠ ᠶᠢ ᠪᠢᠳᠡ ᠭᠦᠨᠵᠡᠭᠡᠶ ᠣᠶᠢᠯᠠᠭᠠᠵᠤ ᠪᠠᠶᠢᠨ᠎ᠠ᠃ ᠲᠠᠯ᠎ᠠ ᠨᠤᠲᠤᠭ ᠤᠨ ᠠᠮᠢᠵᠢᠷᠠᠯ ᠤᠨ ᠬᠦᠴᠦᠨ ᠢ ᠰᠡᠷᠭᠦᠭᠡᠬᠦ ᠶᠢᠨ ᠳᠣᠯᠠᠳᠠ᠂ ᠡᠷᠢᠶᠡᠨ ᠬᠤᠲᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠡᠷᠢᠶᠡᠨ ᠬᠤᠲᠠ ᠶᠢᠨ 2024 — 2030 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠤᠯᠲᠠ ᠪᠠᠷ ᠳᠡᠮᠵᠢᠨ᠂ ᠡᠨᠡ ᠬᠦ ᠲᠥᠯᠥᠪᠵᠢᠭᠦᠯᠭᠡ ᠶᠢ ᠨᠢᠭᠡᠨᠲᠡ ᠪᠥᠬᠦ ᠣᠷᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢᠶᠠᠷ ᠳᠡᠮᠵᠢᠨ᠂ 2024 - 2030 ᠣᠨ ᠤ ᠣᠶ ᠰᠢᠭᠤᠶ ᠡᠪᠡᠰᠦ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠮᠵᠢᠯᠲᠠ ᠲᠠᠢ ᠪᠠᠷ ᠵᠢᠭᠰᠠᠭᠠᠨ ᠣᠷᠣᠭᠤᠯᠵᠤ᠂ ᠶᠡᠷᠦᠩᠬᠡᠶ ᠲᠠᠯᠠᠪᠠᠶ ᠨᠢ 380.83 ᠲᠦᠮᠡᠨ ᠮᠥ ᠳᠤ ᠬᠦᠷᠴᠡᠶ᠃ ᠲᠥᠷᠥᠯ ᠵᠦᠢᠯ ᠤᠨ ᠠᠭᠤᠯᠭ᠎ᠠ ᠳᠤ ᠭᠤᠤᠯᠳᠠᠭᠤ ᠡᠯᠡᠰᠦ ᠶᠢ ᠬᠠᠰᠢᠵᠤ ᠣᠶ ᠰᠢᠭᠤᠶ ᠡᠪᠡᠰᠦ ᠪᠤᠶᠢᠵᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠬᠥᠮᠦᠨ ᠤ ᠬᠦᠴᠦ ᠪᠠᠷ ᠡᠪᠡᠰᠦ ᠳᠠᠷᠢᠬᠤ ᠢᠨᠵᠧᠨᠧᠷᠢᠩ ᠪᠠ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠶᠢ ᠪᠠᠭᠲᠠᠭᠠᠵᠤ᠂ ᠰᠢᠨᠵᠢᠯᠡᠬᠦ ᠤᠬᠠᠭᠠᠨᠴᠢ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢᠶᠠᠷ ᠳᠠᠮᠵᠢᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠰᠠᠯᠬᠢ ᠡᠯᠡᠰᠦᠨ ᠤ ᠳᠠᠭᠠᠷᠢᠯᠲᠠ ᠶᠢ ᠰᠡᠷᠭᠡᠶᠢᠯᠡᠨ ᠬᠤᠷᠢᠭᠯᠠᠬᠤ ᠶᠢᠨ ᠬᠠᠮᠲᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠲᠥᠯᠥᠭᠡ ᠶᠤᠮ᠃ ᠡᠨᠡᠬᠦ ᠲᠦᠯᠦᠪᠵᠢᠬᠦᠯᠭᠡ ᠶᠢ ᠪᠡᠶᠡᠯᠡᠬᠦᠯᠪᠡᠯ᠂ ᠠᠰᠢᠭ ᠲᠤᠰᠠ ᠶᠢ ᠨᠢ ᠬᠤᠶᠢᠴᠢ ᠦᠶ᠎ᠡ ᠬᠦᠷᠳᠡᠵᠦ᠂ ᠡᠭᠦᠷᠢᠳᠡ ᠳᠠᠭᠤᠷᠢᠰᠣᠭᠳᠠᠬᠤ ᠠᠭᠤᠤ ᠶᠡᠭᠡ ᠦᠢᠯᠡᠰ ᠪᠣᠯᠣᠨ᠎ᠠ᠂ ᠪᠠᠰᠠ ᠴᠤ ᠪᠢᠳᠡᠨ ᠤ ᠬᠠᠮᠲᠤ ᠶᠢᠨ ᠡᠬᠦᠷᠭᠡ ᠬᠠᠷᠢᠭᠤᠴᠠᠯᠭ᠎ᠠ ᠮᠥᠨ᠃      ᠡᠨᠡ ᠵᠢᠯ ᠠᠴᠠ ᠨᠠᠰᠢ᠂ ᠰᠣᠮᠣᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠭᠠᠴᠠᠭᠠᠨ ᠤ ᠬᠠᠮᠲᠤ ᠨᠡᠶᠢᠲᠡ ᠪᠠ ᠮᠠᠯᠴᠢᠳ ᠤᠨ ᠢᠳᠡᠪᠬᠢᠲᠡᠶ ᠬᠠᠮᠵᠢᠯᠴᠠᠭ᠎ᠠ ᠳᠣᠤᠷ᠎ᠠ᠂ 6 ᠰᠠᠷ᠎ᠠ ᠶᠢᠨ 15 ᠤ ᠡᠳᠦᠷ᠂ ᠮᠠᠨ ᠤ ᠬᠤᠲᠠ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ‌ᠡᠨᠧᠷᠬᠢ᠂ ᠴᠠᠬᠢᠯᠭᠠᠨ ᠡᠨᠧᠷᠬᠢ᠂ ᠭᠡᠷᠡᠯ ᠤᠨ ᠡᠨᠧᠷᠬᠢ ᠶᠢ ᠨᠢᠭᠡ ᠴᠣᠭᠴᠠᠵᠢᠭᠰᠠᠨ ᠢᠨᠵᠧᠨᠧᠷᠢᠩ ᠤᠨ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠪᠡ᠃ ᠵᠦᠷᠢᠴᠡᠯ ᠮᠦᠷᠬᠦᠯᠳᠦᠭᠡᠨ ᠠᠴᠠ ᠵᠠᠶᠢᠯᠠᠰᠬᠢᠵᠦ᠂ ᠡᠷᠬᠡ ᠲᠡᠭᠰᠢ ᠶᠢ ᠪᠠᠳᠣᠯᠠᠵᠦ᠂ ᠮᠠᠯᠴᠢᠳ ᠤᠨ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠬᠦᠯᠬᠦ ᠶᠢᠨ ᠳᠣᠯᠠᠳᠠ᠂ ᠡᠨᠡ ᠵᠢᠯ ᠤᠨ ᠠᠵᠢᠯ ᠡᠬᠢᠯᠡᠭᠦᠯᠦᠭᠰᠡᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠰᠠᠯᠬᠢᠨ ᠡᠨᠧᠷᠬᠢ᠂ ᠴᠠᠬᠢᠯᠭᠠᠨ ᠡᠨᠧᠷᠬᠢ᠂ ᠭᠡᠷᠡᠯ ᠤᠨ ᠡᠨᠧᠷᠬᠢ ᠶᠢᠨ ᠨᠢᠭᠡ ᠴᠣᠭᠴᠠᠵᠢᠭᠰᠠᠨ ᠢᠨᠵᠧᠨᠧᠷᠢᠩ ᠤᠨ ᠡᠯᠡᠰᠦ ᠶᠢ ᠵᠠᠰᠠᠬᠤ ᠲᠥᠷᠥᠯ ᠵᠦᠢᠯ ᠢ ᠬᠥᠮᠦᠨ ᠠᠮᠠ ᠶᠢᠨ ᠳᠤᠮᠳᠠᠴᠢ ᠬᠤᠪᠢᠶᠠᠷᠢᠯᠠᠯᠲᠠ ᠪᠠᠷ ᠳᠥᠷᠪᠡᠨ ᠮᠠᠯᠵᠢᠬᠤ  ᠭᠠᠴᠠᠭᠠᠨ ᠳᠤ ᠬᠤᠪᠢᠶᠠᠷᠢᠯᠠᠭᠰᠠᠨ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠤᠲᠤᠭ ᠪᠡᠯᠴᠢᠭᠡᠷ ᠤᠨ ᠮᠠᠯᠵᠢᠬᠤ ᠡᠷᠦᠬᠡ ᠪᠦᠬᠦᠨ ᠴᠥᠮ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠣᠯᠵᠤ᠂ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠬᠠᠮᠲᠤ ᠪᠠᠷ ᠡᠳ᠋ᠯᠡᠵᠦ᠂ ᠣᠷᠣᠯᠭ᠎ᠠ ᠪᠠᠨ ᠨᠡᠮᠡᠭᠳᠡᠭᠦᠯᠵᠦ ᠪᠣᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠪᠣᠯ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠥᠷᠭᠡᠨ ᠣᠯᠠᠨ ᠮᠠᠯᠴᠢᠳ ᠤᠨ ᠬᠠᠮᠲᠤ ᠶᠢᠨ ᠬᠠᠷᠠᠯᠲᠠ ᠮᠥᠨ᠂ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠭᠠᠴᠠᠭ᠎ᠠ ᠪᠣᠯᠤᠨ ᠮᠠᠯᠴᠢᠨ ᠲᠦᠮᠡᠨ ᠥᠩᠭᠡᠷᠡᠭᠰᠡᠨ ᠲᠠᠢ ᠪᠠᠨ ᠠᠳᠠᠯᠢ ᠪᠠᠷ ᠵᠢᠷᠤᠭ ᠳᠦᠯᠦᠪᠯᠡᠭᠡ ᠶᠢᠨ ᠨᠢᠭᠡᠴᠡ ᠲᠠᠢ ᠢᠳᠡᠪᠬᠢᠳᠠᠢ ᠬᠠᠮᠵᠢᠯᠴᠠᠨ᠂ ᠭᠠᠳᠠᠨᠠᠬᠢ ᠠᠵᠢᠯ ᠤᠨ ᠬᠠᠶᠢᠨ ᠪᠠᠶᠢᠴᠠᠭᠠᠯᠲᠠ ᠪᠠ ᠨᠣᠳᠤᠭ ᠪᠡᠯᠴᠢᠭᠡᠷ ᠳᠡᠭᠡᠷ᠎ᠡ ᠪᠠᠷᠢᠯᠭ᠎ᠠ ᠪᠠᠷᠢᠬᠤ ᠶᠢ ᠢᠳᠡᠪᠬᠢᠲᠡᠶ ᠳᠡᠮᠵᠢᠨ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢ ᠬᠦᠰᠡᠵᠦ ᠪᠠᠶᠢᠨ᠎ᠠ᠃ ᠬᠡᠷᠪᠡ ᠣᠨᠴᠠ ᠵᠠᠷᠢᠮ ᠮᠠᠯᠵᠢᠬᠤ ᠡᠷᠦᠬᠡ ᠨᠢ ᠨᠤᠲᠤᠭ ᠪᠡᠯᠴᠢᠭᠡᠷ ᠳᠡᠭᠡᠷ᠎ᠡ ᠪᠠᠨ ᠬᠡᠷᠡᠭᠵᠢᠬᠦᠯᠬᠦ ᠶᠢ ᠵᠦᠪᠰᠢᠶᠡᠷᠡᠬᠦ ᠦᠭᠡᠢ ᠪᠣᠯ᠂ ᠲᠤᠰ ᠭᠠᠴᠠᠭ᠎ᠠ ᠪᠤᠶᠤ ᠪᠤᠰᠤᠳ ᠭᠠᠴᠠᠭᠠᠨ ᠤ ᠮᠠᠯᠵᠢᠬᠤ ᠡᠷᠦᠬᠡ ᠶᠢᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠬᠦ ᠠᠴᠠ ᠪᠣᠯᠤᠭᠰᠠᠨ ᠰᠡᠭᠦᠯᠴᠢ ᠶᠢᠨ ᠬᠤᠭᠤᠴᠠᠭᠠᠨ ᠤ ᠨᠥᠯᠥᠭᠡ ᠶᠢ ᠥᠪᠡᠰᠦᠪᠡᠨ ᠬᠠᠷᠢᠭᠤᠴᠠᠨ᠎ᠠ᠃      ᠲᠠᠯ᠎ᠠ ᠨᠤᠲᠤᠭ ᠪᠣᠯ ᠮᠠᠨ ᠤ ᠠᠮᠢᠨ ᠰᠤᠳᠠᠰᠤ ᠮᠥᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠠᠮᠢ ᠠᠬᠤᠢ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠨᠡᠩ ᠴᠤ ᠬᠥᠮᠦᠨ ᠨᠢᠭᠡᠪᠦᠷᠢ ᠶᠢᠨ ᠠᠮᠢᠳᠤᠷᠠᠯ ᠤᠨ  ᠴᠢᠨᠠᠷᠵᠢᠯ ᠪᠣᠯᠤᠨ ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠪᠢᠳᠡᠨ ᠤ ᠢᠷᠡᠭᠡᠳᠦᠢ ᠳᠤ ᠠᠮᠠᠯᠠᠭᠰᠠᠨ ᠠᠮᠠᠯᠠᠯᠲᠠ᠂ ᠦᠷ᠎ᠡ ᠬᠤᠶᠢᠴᠢᠰ ᠲᠠᠭᠠᠨ ᠬᠠᠨᠳᠤᠬᠤ ᠬᠠᠷᠢᠭᠤᠴᠠᠯᠭ᠎ᠠ ᠮᠥᠨ᠃ ᠲᠥᠷᠥᠯ ᠵᠦᠢᠯ ᠤᠨ ᠴᠠᠭ ᠤᠨ ᠠᠯᠭᠠᠰᠠᠯ ᠤᠷᠳᠤ᠂ ᠨᠤᠲᠤᠭ ᠪᠡᠯᠴᠢᠭᠡᠷ ᠤᠨ ᠲᠠᠯᠠᠪᠠᠢ ᠥᠷᠭᠡᠨ ᠪᠣᠯᠬᠤᠷ ᠪᠢᠳᠡ ᠬᠠᠮᠲᠤ ᠪᠠᠷ ᠴᠢᠷᠮᠠᠶᠢᠪᠠᠯ ᠰᠠᠶ᠋ᠢ ᠥᠷᠢᠰᠥᠯᠳᠦᠭᠡᠨ ᠢ ᠢᠯᠠᠨ ᠳᠠᠪᠠᠵᠤ ᠴᠢᠳᠠᠨ᠎ᠠ᠃ ᠡᠶᠢᠮᠦ ᠠᠴᠠ᠂ ᠪᠢᠳᠡ ᠥᠷᠭᠡᠨ ᠣᠯᠠᠨ ᠮᠠᠯᠴᠢᠨ ᠳᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠶᠢ ᠴᠢᠩ ᠰᠡᠳᠬᠢᠯ ᠠᠴᠠ ᠪᠠᠨ  ᠣᠷᠢᠶᠠᠯᠠᠵᠦ ᠪᠠᠶᠢᠨ᠎ᠠ᠃       ᠡᠴᠣᠰ ᠲᠤ᠂ ᠥᠷᠭᠡᠨ ᠣᠯᠠᠨ ᠮᠠᠯᠴᠢᠨ ᠳᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠠ ᠨᠠᠷ ᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠳᠡᠮᠵᠢᠭᠰᠡᠭᠡᠷ ᠢᠷᠡᠭᠰᠡᠨ ᠳᠤ ᠮᠠᠰᠢ ᠶᠡᠭᠡ ᠲᠠᠯᠠᠷᠬᠠᠵᠤ ᠪᠠᠶᠢᠨ᠎ᠠ᠃                                                                                                                
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号