【 ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ 】 ᠠᠶᠢᠮᠠᠭ ᠤᠨ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠡᠷᠢᠶᠠᠨ ᠬᠤᠲᠠ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠡᠰᠢᠭᠪᠦ᠋ᠷᠢᠨ ᠮᠠᠨ ᠤ ᠬᠤᠲᠠ ᠳᠤ ᠭᠦᠨᠵᠡᠭᠡᠶᠢᠷᠡᠨ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠵᠡᠷᠭᠡ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠵᠡᠷᠭᠡ ᠴᠢᠬᠤᠯᠠ ᠶᠡᠭᠡ ᠡᠭᠦᠷᠭᠡ ᠶᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠡᠭᠦᠷᠭᠡ ᠪᠠᠨ ᠨᠠᠷᠢᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠴᠢᠬᠤᠯᠠ ᠶᠡᠭᠡ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号