| 5 ᠰᠠᠷ᠎ᠠ ᠶᠢᠨ 31 ᠤ ᠡᠳᠦᠷ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠣᠩᠭᠤᠯ ᠤᠯᠤᠰ ᠤᠨ | ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠭᠤᠤᠯᠯᠠᠨ ᠡᠷᠭᠢᠯᠡᠭᠰᠡᠨ ᠳᠤᠮᠳᠠᠳᠤ | ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ | ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠤᠨ ᠥᠪᠥᠷ ᠮᠣᠩᠭᠤᠯ ᠤᠨ ᠲᠣᠮᠣ ᠠᠰᠠᠷ ᠲᠤ | ᠶᠠᠪᠤᠭᠳᠠᠪᠠ᠃ ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ ᠨᠢᠭᠡ ᠴᠣᠭᠴᠠᠵᠢᠭᠤᠯᠤᠭᠰᠠᠨ ᠬᠤᠳᠠᠯᠳᠤᠭᠠᠴᠢᠨ ᠤᠷᠢᠬᠤ ᠶᠢ | ᠭᠦᠨᠵᠡᠭᠡᠶ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠮᠣᠩᠭᠤᠯ ᠬᠤᠶᠠᠷ ᠲᠠᠯ᠎ᠠ ᠶᠢᠨ ᠣᠷᠣᠨ ᠪᠠᠶᠢᠷᠢ ᠶᠢᠨ | ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠪᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠥᠨᠳᠥᠷ ᠬᠢᠷᠢ ᠲᠦᠪᠰᠢᠨ ᠪᠥᠬᠦᠶ | ᠨᠡᠭᠡᠭᠡᠯᠲᠡ ᠬᠢᠵᠦ ᠬᠠᠮᠲᠤᠷᠠᠯᠴᠠᠬᠤ ᠠᠰᠢᠭ ᠣᠯᠵᠠᠪᠤᠷᠢ ᠶᠢ ᠬᠠᠮᠲᠤ ᠪᠠᠷ ᠬᠤᠪᠢᠶᠠᠯᠴᠠᠨ᠎ᠠ᠃ ᠬᠤᠷᠠᠯ ᠠᠴᠠ ᠪᠦᠬᠦ ᠤᠯᠤᠰ ᠤᠨ | ᠡᠯ᠎ᠡ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ ᠵᠢᠴᠢ ᠮᠣᠩᠭᠤᠯ ᠤᠯᠤᠰ ᠤᠨ | ᠠᠯᠪᠠᠨ ᠤ ᠲᠠᠯ᠎ᠠ ᠶᠢᠨ ᠪᠠ ᠠᠵᠤ ᠠᠬᠤᠶᠢᠯᠠᠯ ᠤᠨ ᠲᠥᠯᠥᠭᠡᠯᠡᠭᠴᠢ 240 ᠭᠠᠷᠤᠢ ᠬᠥᠮᠥᠨ ᠢ ᠤᠷᠢᠵᠤ ᠣᠷᠣᠯᠴᠠᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ | ᠳᠠᠷᠤᠭ᠎ᠠ ᠭᠦᠸᠧ ᠵᠧᠤ ᠮᠢᠩ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠡᠷᠢᠶᠡᠨ ᠬᠤᠲᠠ ᠶᠢᠨ | ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠵᠠᠬᠢᠷᠭ᠎ᠠ ᠶᠢᠨ ᠳᠡᠳ᠋ ᠳᠠᠷᠤᠭ᠎ᠠ ᠵᠢᠶᠠ ᠸᠧᠨ ᠽᠥᠩ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ ᠣᠷᠣᠨ ᠤ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴ᠊ · ᠭᠠᠩᠪᠠᠭᠠᠳᠣᠷ᠂ ᠮᠣᠩᠭᠤᠯ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠶᠠᠮᠤᠨ ᠤ ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠪᠣᠯᠤᠨ ᠲᠥᠯᠥᠪᠵᠢᠭᠦᠯᠭᠡ ᠶᠢᠨ ᠵᠤᠷᠭᠠᠨ ᠤ | ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠶᠢᠨ ᠭᠠᠵᠠᠷ ᠤᠨ ᠳᠠᠷᠤᠭ᠎ᠠ ᠤ᠊ · ᠡᠩᠬᠡᠮᠦ᠋ᠩᠬᠡ᠂ ᠮᠣᠩᠭᠤᠯ ᠤᠯᠤᠰ ᠤᠨ ᠠᠵᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠴᠡ᠊ · ᠮᠠᠩᠯᠠᠶᠢᠪᠠᠭᠠᠲᠤᠷ ᠵᠢᠴᠢ ᠳᠤᠮᠳᠠᠳᠤ ᠮᠣᠩᠭᠤᠯ | ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ᠂ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠸᠠᠩ ᠰᠠᠨ ᠱᠢ ᠡᠷᠢᠶᠡᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠷᠳᠤ | ᠬᠤᠭᠤᠴᠠᠭᠠᠨ ᠤ ᠲᠤᠷᠰᠢ ᠳᠤᠮᠳᠠᠳᠤ ᠮᠣᠩᠭᠤᠯ ᠤᠨ ᠡᠷᠢᠶᠡᠨ ᠬᠤᠳᠠ - ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ | ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠡᠷᠢᠶᠡᠨ ᠬᠤᠳᠠ ᠶᠢᠨ ᠬᠢᠨ ᠤᠯᠤᠰ ᠤᠨ | ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠡᠨᠡᠬᠦ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ | ᠲᠣᠭᠤᠷᠢᠨ ᠳᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢᠨ ᠪᠠᠶᠢᠷᠢ | ᠲᠣᠭᠲᠠᠭᠠᠯᠲᠠ ᠳᠤ ᠰᠠᠭᠤᠷᠢᠯᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠯᠭᠤᠭᠰᠠᠨ ᠲᠦᠷᠦ ᠶᠢᠨ ᠪᠤᠳᠤᠯᠭ᠎ᠠ ᠶᠢᠨ | ᠳᠠᠪᠠᠭᠤᠯᠢᠭ ᠢ ᠭᠦᠨᠵᠡᠭᠡᠢ ᠠᠭᠤᠳᠠᠯᠬᠤ ᠪᠠ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠣᠷᠣᠨ ᠤ ᠰᠠᠭᠤᠷᠢ | ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠬᠥᠭᠵᠢᠭᠦᠯᠵᠦ᠂ | ᠣᠷᠣᠨ ᠤ ᠠᠵᠤ ᠠᠬᠤᠶᠢᠯᠠᠯ ᠳᠤ ᠲᠡᠷᠢᠭᠦᠨ ᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠬᠠᠩᠭᠠᠨ᠎ᠠ ᠭᠡᠵᠦ ᠬᠡᠯᠡᠪᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶᠢᠯᠠᠯᠲᠠᠳ ᠬᠠᠮᠲᠤᠷᠠᠯᠴᠠᠭᠠᠨ ᠤ ᠣᠷᠣᠨ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ | ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠨ᠂ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠢ ᠬᠢᠯᠢ ᠳᠠᠭᠠᠤ ᠶᠢᠨ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢᠨ | ᠲᠠᠪᠴᠠᠩ᠂ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠴᠢᠬᠤᠯᠠ ᠵᠠᠩᠭᠢᠯᠠᠭ᠎ᠠ ᠶᠢᠨ ᠴᠡᠭ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠪᠣᠯᠭᠠᠨ | ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ | ᠬᠤᠷᠠᠯ ᠳᠡᠭᠡᠷ᠎ᠡ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠯᠠᠨ ᠤᠯᠤᠰ ᠤᠨ ᠠᠷᠠᠯᠵᠢᠶ᠎ᠠ᠂ | ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠯ᠂ | ᠬᠢᠯᠢ ᠠᠯᠤᠰᠯᠠᠭᠰᠠᠨ ᠵᠢᠭᠤᠯᠴᠢᠯᠠᠯ ᠵᠢᠴᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠡᠾᠧᠪᠸᠢ ᠮᠤᠵᠢ ᠶᠢᠨ ᠬᠠᠭᠤᠷᠠᠶ ᠶᠢᠨ ᠭᠠᠷᠠᠮ ᠤᠨ ᠪᠦᠯᠦᠭᠯᠡᠯ᠂ ᠵᠦᠩ ᠮᠢᠶᠠᠨ ᠪᠦᠯᠦᠭᠯᠡᠯ᠂ | ᠡᠸ᠋ᠫᠨᠦ᠋ ︵ᠱᠧᠨᠵᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠵᠡᠷᠭᠡ 5 ᠠᠵᠤ | ᠠᠬᠤᠶᠢᠯᠠᠯ ᠲᠠᠢ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠠᠢ︔ ᠮᠣᠩᠭᠤᠯ ᠤᠯᠤᠰ ᠤᠨ ᠬᠤᠶᠠᠷ ᠠᠵᠤ | ᠠᠬᠤᠶᠢᠯᠠᠯ ᠲᠣᠰ ᠲᠣᠰ ᠤᠯᠤᠰ ᠤᠨ ᠳᠣᠲᠣᠭᠠᠳᠤ ᠶᠢᠨ ᠬᠤᠶᠠᠷ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠪᠠ᠃ ᠲᠣᠰ ᠤᠳᠠᠭᠠᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠳᠤᠮᠳᠠᠳᠤ ᠮᠣᠩᠭᠤᠯ | ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠲᠣᠭᠲᠠᠭᠰᠠᠨ ᠪᠡᠯᠡ ᠮᠥᠩᠭᠦ 43.2 ᠳ᠋ᠦᠩᠰᠢᠭᠤᠷ ᠲᠥᠭᠦᠷᠢᠭ ᠪᠣᠯᠤᠨ᠎ᠠ᠃ |