ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠣᠭᠳᠠᠪᠠ
ᠨᠡᠶᠢᠲᠡᠯᠡᠭᠰᠡᠨ ᠴᠠᠭ᠄
2024/6/3
           5 ᠰᠠᠷ᠎ᠠ ᠶᠢᠨ 31 ᠤ ᠡᠳᠦᠷ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠭᠤᠤᠯᠯᠠᠨ ᠡᠷᠭᠢᠯᠡᠭᠰᠡᠨ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠤᠨ ᠥᠪᠥᠷ ᠮᠣᠩᠭᠤᠯ ᠤᠨ ᠲᠣᠮᠣ ᠠᠰᠠᠷ ᠲᠤ ᠶᠠᠪᠤᠭᠳᠠᠪᠠ᠃ ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ ᠨᠢᠭᠡ ᠴᠣᠭᠴᠠᠵᠢᠭᠤᠯᠤᠭᠰᠠᠨ ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠮᠣᠩᠭᠤᠯ ᠬᠤᠶᠠᠷ ᠲᠠᠯ᠎ᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠬᠢᠵᠦ ᠬᠠᠮᠲᠤᠷᠠᠯᠴᠠᠬᠤ ᠠᠰᠢᠭ ᠣᠯᠵᠠᠪᠤᠷᠢ ᠶᠢ ᠬᠠᠮᠲᠤ ᠪᠠᠷ ᠬᠤᠪᠢᠶᠠᠯᠴᠠᠨ᠎ᠠ᠃ ᠬᠤᠷᠠᠯ ᠠᠴᠠ ᠪᠦᠬᠦ ᠤᠯᠤᠰ ᠤᠨ ᠡᠯ᠎ᠡ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ ᠵᠢᠴᠢ ᠮᠣᠩᠭᠤᠯ ᠤᠯᠤᠰ ᠤᠨ ᠠᠯᠪᠠᠨ ᠤ ᠲᠠᠯ᠎ᠠ ᠶᠢᠨ ᠪᠠ ᠠᠵᠤ ᠠᠬᠤᠶᠢᠯᠠᠯ ᠤᠨ ᠲᠥᠯᠥᠭᠡᠯᠡᠭᠴᠢ 240 ᠭᠠᠷᠤᠢ ᠬᠥᠮᠥᠨ ᠢ ᠤᠷᠢᠵᠤ ᠣᠷᠣᠯᠴᠠᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠭᠦᠸᠧ ᠵᠧᠤ ᠮᠢᠩ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠠᠬᠢᠷᠭ᠎ᠠ ᠶᠢᠨ ᠳᠡᠳ᠋ ᠳᠠᠷᠤᠭ᠎ᠠ ᠵᠢᠶᠠ ᠸᠧᠨ ᠽᠥᠩ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴ᠊ · ᠭᠠᠩᠪᠠᠭᠠᠳᠣᠷ᠂ ᠮᠣᠩᠭᠤᠯ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠶᠠᠮᠤᠨ ᠤ ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠪᠣᠯᠤᠨ ᠲᠥᠯᠥᠪᠵᠢᠭᠦᠯᠭᠡ ᠶᠢᠨ ᠵᠤᠷᠭᠠᠨ ᠤ ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠶᠢᠨ ᠭᠠᠵᠠᠷ ᠤᠨ ᠳᠠᠷᠤᠭ᠎ᠠ ᠤ᠊ · ᠡᠩᠬᠡᠮᠦ᠋ᠩᠬᠡ᠂ ᠮᠣᠩᠭᠤᠯ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠴᠡ᠊ · ᠮᠠᠩᠯᠠᠶᠢᠪᠠᠭᠠᠲᠤᠷ ᠵᠢᠴᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ᠂ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠸᠠᠩ ᠰᠠᠨ ᠱᠢ ᠡᠷᠢᠶᠡᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠷᠳᠤ ᠬᠤᠭᠤᠴᠠᠭᠠᠨ ᠤ ᠲᠤᠷᠰᠢ ᠳᠤᠮᠳᠠᠳᠤ ᠮᠣᠩᠭᠤᠯ ᠤᠨ ᠡᠷᠢᠶᠡᠨ ᠬᠤᠳᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠡᠷᠢᠶᠡᠨ ᠬᠤᠳᠠ ᠶᠢᠨ ᠬᠢᠨ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠡᠨᠡᠬᠦ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠯᠭᠤᠭᠰᠠᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠭᠦᠨᠵᠡᠭᠡᠢ ᠠᠭᠤᠳᠠᠯᠬᠤ ᠪᠠ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠣᠷᠣᠨ ᠤ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠬᠥᠭᠵᠢᠭᠦᠯᠵᠦ᠂ ᠣᠷᠣᠨ ᠤ ᠠᠵᠤ ᠠᠬᠤᠶᠢᠯᠠᠯ ᠳᠤ ᠲᠡᠷᠢᠭᠦᠨ ᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠬᠠᠩᠭᠠᠨ᠎ᠠ ᠭᠡᠵᠦ ᠬᠡᠯᠡᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠳ ᠬᠠᠮᠲᠤᠷᠠᠯᠴᠠᠭᠠᠨ ᠤ ᠣᠷᠣᠨ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠨ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠬᠢᠯᠢ ᠳᠠᠭᠠᠤ ᠶᠢᠨ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ᠂ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃      ᠬᠤᠷᠠᠯ ᠳᠡᠭᠡᠷ᠎ᠡ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠯᠠᠨ ᠤᠯᠤᠰ ᠤᠨ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠯ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠡᠾᠧᠪᠸᠢ ᠮᠤᠵᠢ ᠶᠢᠨ ᠬᠠᠭᠤᠷᠠᠶ ᠶᠢᠨ ᠭᠠᠷᠠᠮ ᠤᠨ ᠪᠦᠯᠦᠭᠯᠡᠯ᠂  ᠵᠦᠩ ᠮᠢᠶᠠᠨ ᠪᠦᠯᠦᠭᠯᠡᠯ᠂ ᠡᠸ᠋ᠫᠨᠦ᠋ ︵ᠱᠧᠨᠵᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠵᠡᠷᠭᠡ 5 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠠᠢ︔ ᠮᠣᠩᠭᠤᠯ ᠤᠯᠤᠰ ᠤᠨ ᠬᠤᠶᠠᠷ ᠠᠵᠤ ᠠᠬᠤᠶᠢᠯᠠᠯ ᠲᠣᠰ ᠲᠣᠰ ᠤᠯᠤᠰ ᠤᠨ ᠳᠣᠲᠣᠭᠠᠳᠤ ᠶᠢᠨ ᠬᠤᠶᠠᠷ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠲᠣᠰ ᠤᠳᠠᠭᠠᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠲᠣᠭᠲᠠᠭᠰᠠᠨ ᠪᠡᠯᠡ ᠮᠥᠩᠭᠦ 43.2 ᠳ᠋ᠦᠩᠰᠢᠭᠤᠷ ᠲᠥᠭᠦᠷᠢᠭ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号