【 ᠠᠮᠤᠷ ᠳᠦᠪᠰᠢᠨ‌‍ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠣᠷ ᠳᠦᠪᠰᠢᠨ ᠤ ᠬᠥᠭᠵᠢᠯᠲᠡ ᠶᠢ ᠠᠬᠢᠭᠤᠯᠤᠶ᠎ᠠ 】 ᠮᠠᠨ ᠤ ᠬᠤᠲᠠ ᠶᠢᠨ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/5
     ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠃ 6 ᠰᠠᠷ᠎ᠠ ᠶᠢᠨ 3 ᠤ ᠡᠳᠦᠷ᠂ ᠮᠠᠨ ᠤ ᠬᠤᠲᠠ ᠶᠢᠨ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠶᠠᠪᠤᠭᠳᠠᠪᠠ᠃      ᠡᠨᠡ ᠵᠢᠯ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠭᠤᠤᠯ ᠰᠡᠳᠦᠪ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ ᠶᠢ ᠡᠷᠬᠢᠮᠯᠡᠬᠦ᠂ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠪᠣᠯᠤᠨ᠎ᠠ᠃      ᠠᠵᠢᠯᠯᠠᠭ᠎ᠠ ᠶᠢᠨ ᠳᠤᠮᠳᠠ᠂ ᠠᠵᠤ ᠠᠬᠤᠶᠢᠯᠠᠯ ᠤᠨ ᠲᠥᠯᠥᠭᠡᠯᠡᠭᠴᠢ ᠬᠠᠮᠲᠤᠪᠠᠷ ᠠᠶᠤᠯᠭᠦᠶ ᠦᠢᠯᠡᠳᠪᠦᠷᠢᠯᠡᠯ ᠤᠨ ᠠᠮᠠᠯᠠᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠲᠠᠩᠭᠠᠷᠢᠭᠯᠠᠪᠠ᠃      ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠭᠠᠯ ᠤᠨᠲᠠᠷᠠᠭᠠᠬᠤ ᠪᠣᠯᠪᠠᠰᠤᠷᠠᠯ ᠰᠣᠷᠢᠯᠲᠠ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠵᠡᠭᠦᠯᠭᠡ ᠶᠢ ᠲᠣᠭᠤᠷᠢᠨ ᠦᠵᠡᠪᠡ᠃ ᠲᠤᠬᠠᠢ ᠶᠢᠨ ᠲᠠᠯᠠᠪᠠᠢ ᠳᠤ ᠪᠠᠰᠠ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠥᠷᠭᠡᠨ ᠤᠯᠠᠨ ᠬᠤᠳᠠ ᠶᠢᠨ ᠠᠷᠠᠳ ᠲᠤ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠡᠢ᠃      ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠠᠮᠢ ᠨᠠᠰᠤᠨ ᠤ ᠰᠠᠭᠠᠳ ᠥᠬᠡᠶ ᠨᠡᠪᠲᠡᠷᠡᠬᠦ ᠵᠠᠮ ᠤᠨ ᠤᠬᠠᠭᠤᠯᠭ᠎ᠠ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠵᠡᠷᠭᠡ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠠᠮᠤᠷ ᠲᠦᠪᠰᠢᠨ ᠤ ᠪᠠᠶᠢᠷᠢᠰᠢᠯ ᠢ ᠪᠣᠶ ᠪᠣᠯᠭᠠᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号