| | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠤ 5 ᠰᠠᠷ᠎ᠠ ᠳᠤ᠂ ᠡᠷᠢᠶᠡᠨ ᠲᠡᠮᠦᠷ | ᠵᠠᠮ ᠤᠨ ᠪᠣᠭᠤᠮᠲᠠ ᠪᠠᠷ ᠠᠶᠠᠯᠠᠵᠤ ᠪᠠᠶᠢᠭ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 1414 | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.0% ᠪᠠᠷ ᠨᠡᠮᠡᠭᠳᠡᠪᠡ᠂ ᠡᠭᠦᠨ ᠳᠤ ᠬᠢᠯᠢ ᠠᠴᠠ ᠭᠠᠷᠤᠭᠰᠠᠨ | 764 ᠴᠤᠪᠤᠭ᠎ᠠ ᠪᠠᠶᠢᠵᠤ᠂ 650 ᠴᠤᠪᠤᠭ᠎ᠠ ᠬᠢᠯᠢ ᠳᠤ ᠣᠷᠣᠵᠤ ᠢᠷᠡᠪᠡ᠃ | | | | | | ᠣᠶᠢᠷ᠎ᠠ ᠶᠢᠨ ᠡᠳᠦᠷ ᠤᠳ ᠲᠤ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ ᠶᠠᠭᠠᠷᠠᠯᠲᠠᠢ ᠪᠠᠶᠢᠯ᠎ᠠ᠂ | ᠰᠣᠯᠢᠵᠤ ᠠᠴᠢᠶᠠᠯᠠᠬᠤ ᠲᠠᠯᠠᠪᠠᠢ ᠳᠠᠬᠢ ᠯᠦᠩ ᠮᠧᠨ ᠤ ᠡᠷᠭᠦᠭᠦᠷ ᠮᠠᠰᠢᠨ ᠨᠢ ᠴᠢᠩᠭᠡᠯᠢᠭ ᠢ ᠭᠠᠯᠲᠤ ᠲᠡᠷᠭᠡᠨ ᠳᠤ | ᠲᠡᠭᠡᠭᠡᠵᠦ᠂ ᠡᠬᠡ ᠤᠯᠤᠰ ᠤᠨ ᠬᠤᠶᠢᠲᠤ ᠡᠭᠦᠳᠡᠨ ᠤ ᠳᠣᠣᠷᠠᠬᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ︽ᠳᠤᠮᠳᠠ ᠵᠠᠮ︾ ᠢᠶᠠᠷ ᠳᠠᠮᠵᠢᠭᠤᠯᠵᠤ᠂ ᠤᠯᠠᠮ ᠠᠴᠠ ᠤᠯᠠᠮ ᠤᠯᠠᠨ ᠮᠠᠰᠢᠨ ᠲᠡᠷᠭᠡ᠂ ᠺᠣᠮᠫᠢᠦ᠋ᠲ᠋ᠧᠷ᠂ | ᠮᠠᠰᠢᠨ ᠬᠥᠮᠥᠨ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ ︽ᠳᠤᠮᠳᠠᠳᠤ | ᠤᠯᠤᠰ ᠤᠨ ᠦᠢᠯᠡᠳᠬᠡᠯ︾ ᠤᠨ ᠲᠠᠸᠠᠷ ᠳᠡᠯᠡᠬᠡᠢ ᠳ᠋ᠠᠬᠢᠨ ᠳᠤ ᠬᠦᠷᠴᠦ᠂ ᠪᠠᠰᠠ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ ᠤᠳ ᠤᠨ ᠨᠡᠩ ᠤᠯᠠᠨ ︽ᠭᠠᠳᠠᠭᠠᠳᠤ ᠶᠢᠨ ᠪᠠᠷᠠᠭ᠎ᠠ︾ ᠶᠢ ᠤᠯᠤᠰ ᠤᠨ ᠳᠣᠲᠣᠭᠠᠳᠤ ᠶᠢᠨ | ᠵᠠᠬ᠎ᠠ ᠳᠡᠯᠭᠡᠭᠦᠷ ᠲᠤ ᠣᠷᠣᠭᠤᠯᠵᠠᠢ᠃ | | | | | ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠠᠰᠤᠷᠠᠯᠲᠠ ᠥᠬᠡᠶ | ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ︽ᠲᠣᠭᠠᠴᠢᠯᠠᠭᠰᠠᠨ | ᠪᠣᠭᠤᠮᠲᠠ︾ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠳᠠᠪᠠᠭᠤᠯᠢᠭ ᠲᠤ | ᠲᠦᠰᠢᠭᠯᠡᠨ᠂ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠵᠢᠴᠢ ᠲᠤᠰᠬᠠᠶ | ᠴᠣᠩᠬᠤ ᠭᠠᠷᠭᠠᠵᠤ᠂ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠬᠢᠨᠠᠨ ᠬᠠᠷᠭᠤᠭᠤᠯᠬᠤ᠂ | ᠤᠷᠢᠳ ᠢᠶᠠᠷ ᠪᠠᠶᠢᠴᠠᠭᠠᠨ ᠰᠢᠯᠭᠠᠬᠤ᠂ ᠰᠣᠯᠢᠵᠤ ᠠᠴᠢᠶᠠᠯᠠᠵᠤ ᠶᠠᠪᠤᠭᠤᠯᠬᠤ ᠵᠡᠷᠭᠡ ᠭᠤᠭᠴᠤᠭ᠎ᠠ ᠶᠢ ᠥᠨᠳᠥᠷ | ᠪᠦᠲᠦᠮᠵᠢᠲᠡᠶ ᠪᠠᠷ ᠵᠣᠯᠭᠠᠭᠤᠯᠵᠤ᠂ ᠵᠢᠰᠢᠶᠠᠨ ᠤ ᠭᠠᠯᠲᠤ ᠲᠡᠷᠭᠡ ᠶᠢᠨ ᠵᠣᠭᠰᠣᠬᠤ ᠴᠠᠭ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ 71 ᠵᠤᠷᠪᠤᠰ ᠪᠣᠯᠪᠠ᠃ |