︽ᠲᠦᠮᠡᠨ ᠭᠠᠵᠠᠷ ᠤᠨ ᠴᠠᠶ ᠶᠢᠨ ᠵᠠᠮ ᠲᠠᠯ᠎ᠠ ᠨᠤᠲᠤᠭ ᠤᠨ ᠴᠡᠪᠡᠷ ᠰᠠᠯᠬᠢ︾ ᠶᠢᠰᠦᠳᠦᠭᠡᠷ ᠬᠤᠭᠤᠴᠠᠭᠠᠨ ᠤ ᠮᠣᠲ᠋ᠣᠷ ᠲᠡᠷᠭᠡᠨ ᠤ ᠬᠤᠪᠢ ᠶᠢᠨ ᠮᠠᠰᠢᠨ ᠲᠡᠷᠭᠡᠨ ᠤ ᠨᠠᠭᠠᠳᠤᠮ ᠤᠨ ᠠᠵᠢᠯᠯᠠᠭ᠎ᠠ ᠶᠢᠨ ᠲᠡᠷᠭᠡ ᠬᠥᠳᠡᠯᠬᠦ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 5 ᠤ ᠡᠳᠦᠷ᠂ ︽ᠲᠦᠮᠡᠨ ᠭᠠᠵᠠᠷ ᠤᠨ ᠴᠠᠶ ᠶᠢᠨ ᠵᠠᠮ ᠲᠠᠯ᠎ᠠ ᠨᠤᠲᠤᠭ ᠤᠨ ᠠᠷᠢᠭᠤᠨ ᠴᠢᠬᠡᠴᠢ︾ ᠶᠢᠰᠦᠳᠦᠭᠡᠷ ᠬᠤᠭᠤᠴᠠᠭᠠᠨ ᠤ ᠮᠣᠲ᠋ᠣᠷ ᠲᠡᠷᠭᠡ ᠶᠢᠨ ᠨᠠᠭᠠᠳᠤᠮ ᠤᠨ ᠠᠵᠢᠯᠯᠠᠭ᠎ᠠ ᠶᠢᠨ ᠲᠡᠷᠭᠡ ᠬᠥᠳᠡᠯᠬᠦ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠪᠡᠭᠡᠵᠢᠩ᠂ ᠵᠢᠶᠠᠩᠰᠦ᠂ ᠶᠦᠨᠨᠠᠨ᠂ ᠬᠠᠶᠢᠨᠠᠨ᠂ ᠯᠢᠶᠣᠤᠨᠢᠩ ᠵᠡᠷᠭᠡ ᠮᠤᠵᠢ ᠬᠤᠲᠠ ᠶᠢᠨ 51 ᠵᠢᠭᠤᠯᠴᠢᠯᠠᠯ ᠤᠨ ᠳᠤᠷ᠎ᠠ ᠪᠠᠭ᠋ᠠᠲᠠᠶ ᠬᠥᠮᠦᠰ 36 ᠮᠣᠲ᠋ᠣᠷ ᠲᠡᠷᠭᠡ᠂ 2 ᠮᠠᠰᠢᠨ ᠲᠡᠷᠭᠡ ᠪᠠᠨ ᠠᠪᠴᠤ ᠣᠷᠣᠯᠴᠠᠵᠠᠶ᠃      ᠲᠡᠷᠭᠡ ᠬᠥᠳᠡᠯᠬᠦ ᠶᠣᠰᠣᠯᠠᠯ ᠳᠡᠭᠡᠷ᠎ᠡ᠂ ᠬᠤᠳᠠ ᠶᠢᠨ ᠤᠯᠠᠭᠠᠨᠮᠥ᠋ᠴᠢᠷ ᠤᠨ ᠭᠡᠰᠢᠭᠦᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠳᠦᠷᠪᠡᠨ ᠵᠦᠭ ᠠᠴᠠ ᠢᠷᠡᠭᠰᠡᠨ ᠲᠡᠷᠭᠡᠨ ᠨᠠᠶᠢᠵᠠ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠣᠭᠤᠮᠲᠠ ᠶᠢᠨ ᠤᠯᠠᠨ ᠲᠦᠮᠡᠨ ᠤ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃      ᠳᠠᠷᠠᠭ᠎ᠠ ᠨᠢ ᠮᠣᠷᠳᠠᠬᠤ ᠳᠣᠬᠢᠶ᠎ᠠ ᠶᠢ ᠳᠠᠭᠠᠵᠤ᠂ ᠮᠠᠰᠢᠨ ᠲᠡᠷᠭᠡᠨ ᠳᠤ ᠪᠠᠭ᠋ᠠᠲᠠᠶ ᠬᠥᠮᠦᠰ ᠮᠣᠲ᠋ᠣᠷ ᠲᠡᠷᠭᠡ ᠬᠥᠳᠡᠯᠭᠡᠵᠦ ᠮᠣᠷᠳᠠᠪᠠ᠃ ᠮᠠᠰᠢᠨ ᠲᠡᠷᠭᠡᠨ ᠤ ᠠᠩᠭᠢ ᠮᠠᠨ ᠤ ᠬᠤᠲᠠ ᠶᠢᠨ ᠬᠢᠯᠢ ᠠᠴᠠ ᠭᠠᠷᠴᠤ᠂ ᠤᠮᠠᠷᠠᠰᠢ ᠵᠠᠮ ᠲᠤᠵᠢ  ᠮᠣᠩᠭᠤᠯ ᠤᠯᠤᠰ ᠤᠨ ᠵᠠᠮ ᠤᠨ ᠡᠭᠦᠳᠡ ᠬᠤᠲᠠ᠂ ᠰᠠᠶᠢᠨᠱᠠᠩᠳᠠ ᠬᠤᠲᠠ ᠪᠠᠷ ᠥᠩᠭᠡᠷᠡᠵᠦ᠂ ᠡᠴᠦᠰ ᠲᠡᠭᠡᠨ ᠤᠯᠠᠭᠠᠨᠪᠠᠭᠠᠲᠤᠷ ᠲᠤ ᠬᠦᠷᠪᠡ᠃ ᠲᠡᠳᠡ ᠮᠣᠩᠭᠤᠯ ᠤᠨ ᠥᠷᠭᠡᠨ ᠠᠭᠤᠳᠠᠮ ᠥᠨᠳᠦᠷᠯᠢᠭ ᠢᠶᠠᠷ ᠥᠩᠭᠡᠷᠡᠵᠦ ᠥᠷᠭᠡᠨ ᠠᠭᠤᠳᠠᠮ ᠭᠤᠪᠢ ᠨᠤᠲᠤᠭ ᠤᠨ ᠦᠵᠡᠮᠵᠢ ᠶᠢ ᠢᠯᠠᠨ ᠳᠠᠪᠠᠵᠤ᠂ ᠶᠡᠷᠦ ᠪᠤᠰᠤ ᠶᠢᠨ ᠤᠯᠤᠰ ᠠᠯᠤᠰᠯᠠᠭᠰᠠᠨ ᠠᠶᠠᠯᠠᠯ ᠢᠶᠠᠨ ᠪᠡᠶᠡᠯᠡᠭᠦᠯᠬᠦ ᠪᠣᠯᠤᠨ᠎ᠠ᠃ ᠪᠦᠬᠦ ᠬᠤᠭᠤᠴᠠᠭ᠎ᠠ ᠨᠢ 10 ᠡᠳᠦᠷ᠂ ᠬᠢᠯᠢ ᠶᠢᠨ ᠭᠠᠳᠠᠨᠠᠬᠢ ᠵᠠᠮ 1 500  ᠺᠢᠯᠣᠮᠧᠲᠷ᠃      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号