【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠳᠡᠭᠡᠷ᠎ᠡ ᠬᠠᠭᠠᠰ ᠵᠢᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1034 ᠲᠦᠮᠡᠨ ᠲᠣᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/7/10
      ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ ︶ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1034 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠵᠡᠢ᠃ ᠡᠭᠦᠨ ᠳᠤ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 853.2 ᠲᠦᠮᠡᠨ ᠲᠣᠨ ᠳᠤ ᠬᠦᠷᠴᠦ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 180.8 ᠲᠦᠮᠡᠨ ᠲᠣᠨ ᠳᠤ ᠬᠦᠷᠪᠡ᠃     ᠣᠶᠢᠯᠠᠭᠠᠭᠰᠠᠨ ᠢᠶᠠᠷ᠂ ᠵᠠᠰᠠᠮᠠᠯ ᠵᠠᠮ ᠤᠨ ᠪᠣᠭᠤᠮᠲᠠ ᠶᠢᠨ ᠭᠤᠤᠯ ᠪᠣᠯᠬᠤ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠶ ᠶᠢᠨ ᠭᠠᠷᠤᠯᠲᠠ ᠶᠢᠨ ᠲᠥᠷᠥᠯ ᠵᠦᠢᠯ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠢᠯᠡᠳᠲᠡ ᠨᠡᠮᠡᠭᠳᠡᠪᠡ᠃ ᠲᠡᠮᠦᠷ ᠵᠠᠮ ᠤᠨ ᠬᠢᠯᠢ ᠶᠢᠨ ᠪᠣᠭᠤᠮᠲᠠ ᠨᠢ ᠥᠩᠭᠡᠷᠡᠭᠰᠡᠨ ᠵᠢᠯ ᠤᠳ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠪᠤᠷᠢᠲᠤ ᠪᠠᠶᠢᠳᠠᠯ ᠢᠶᠠᠨ ᠪᠠᠲᠤᠯᠠᠪᠠ᠃     ᠨᠡᠭᠡᠭᠡᠯᠲᠡ ᠬᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠣᠨ᠎ᠠ︔ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠮᠵᠢᠶ᠎ᠡ ᠶᠡᠭᠡ᠂ ᠲᠡᠭᠡᠭᠡᠪᠦᠷᠢ ᠶᠢᠨ ᠦᠨ᠎ᠡ ᠳᠣᠤᠷ᠎ᠠ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠮᠵᠢᠶ᠎ᠡ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︔ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠡᠯ᠎ᠡ ᠭᠤᠭᠴᠤᠭ᠎ᠠ ᠶᠢᠨ ᠠᠵᠢᠯ ᠤᠨ ᠶᠠᠪᠤᠴᠠ ᠶᠢ ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ 8 ᠲᠡᠷᠭᠡ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠪᠠ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ 24 ᠴᠠᠭ ᠤᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢ ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠭᠡ ᠪᠠᠷ ᠣᠷᠣᠵᠤ ᠭᠠᠷᠴᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号