ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
      7 ᠰᠠᠷ᠎ᠠ ᠶᠢᠨ 10 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠬᠦ ᠬᠡᠳᠦᠨ ᠲᠠᠯ᠎ᠠ ᠶᠢᠨ ᠰᠠᠨᠠᠭᠤᠯᠭ᠎ᠠ︾ ᠪᠠ ︽ᠦᠨᠳᠦᠰᠦᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠠᠬᠢᠭᠤᠯᠬᠤ︾ ᠬᠤᠶᠠᠷ ᠬᠡᠰᠡᠭ ᠠᠴᠠ ᠲᠤᠰᠬᠠᠶ ᠰᠡᠳᠦᠪᠲᠦ ᠵᠢᠯᠣᠭᠤᠳᠣᠯᠭ᠎ᠠ ᠬᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠪᠣᠭᠤᠮᠲᠠ ᠶᠢᠨ ᠬᠥᠭᠵᠢᠯᠲᠡ ᠶᠢᠨ ᠪᠣᠳᠠᠲᠠᠢ ᠲᠠᠢ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠭᠤᠣᠯ ᠠᠵᠢᠯ ᠤᠨ ᠲᠣᠭᠤᠷᠢᠨ ᠳᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠷᠭ᠎ᠠ ᠬᠡᠯᠪᠡᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠳᠤᠷᠠᠳᠴᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号