ᠵᠤᠨ ᠤ ᠠᠮᠠᠷᠠᠯᠲᠠ ᠶᠢᠨ ᠬᠤᠭᠤᠴᠠᠭᠠᠨ ᠤ ᠬᠠᠶᠢᠷ᠎ᠠ ᠬᠠᠯᠠᠮᠵᠢ ᠬᠦᠷᠭᠡᠬᠦ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/7/11
    ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠶᠢᠨ ᠬᠤᠤᠰ ᠠᠵᠢᠯᠲᠠᠨ ᠠᠵᠢᠯᠴᠢᠨ ᠤ ᠬᠡᠷ ᠪᠦᠯᠢ ᠶᠢᠨ ᠵᠣᠨ ᠤ ᠠᠮᠠᠷᠠᠯᠲᠠ ᠶᠢᠨ ︽ᠬᠠᠷᠠᠵᠤ ᠬᠠᠮᠠᠭᠠᠯᠠᠬᠤ ᠳᠤ ᠬᠦᠴᠢᠷ︾ ᠠᠰᠠᠭᠤᠳᠠᠯ ᠢ ᠨᠠᠮᠳᠠᠭᠤᠯᠬᠤ ᠶᠢᠨ ᠳᠣᠯᠠᠳᠠ᠂ ᠰᠤᠷᠤᠭᠴᠢᠳ ᠢ ᠬᠥᠲᠥᠯᠦᠨ ᠵᠢᠯᠣᠭᠤᠳᠴᠤ ᠬᠠᠪᠰᠤᠷᠤᠨ ᠠᠮᠤᠷ ᠲᠦᠪᠰᠢᠨ᠂ ᠪᠠᠶᠠᠷ ᠬᠥᠷ ᠲᠠᠢ᠂ ᠠᠴᠢ ᠬᠤᠯᠪᠣᠭᠳᠠᠯ ᠲᠠᠢ ᠠᠮᠠᠷᠠᠯᠲᠠ ᠶᠢ ᠦᠩᠭᠡᠷᠡᠭᠦᠯᠬᠦ ᠶᠢᠨ ᠳᠣᠯᠠᠳᠠ᠂ 7 ᠰᠠᠷ᠎ᠠ ᠶᠢᠨ 8 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠡᠷᠭᠢᠯᠡᠭᠰᠡᠨ ᠵᠣᠨ ᠤ ᠠᠮᠠᠷᠠᠯᠲᠠ ᠶᠢᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠬᠠᠶᠢᠷ᠎ᠠ ᠬᠠᠯᠠᠮᠵᠢ ᠶᠢ ᠨᠠᠶᠢᠳᠠᠨ ᠬᠠᠮᠢᠶᠠᠷᠤᠭᠤᠯᠬᠤ ᠠᠩᠭᠢ ᠵᠢᠩᠬᠢᠨᠢ ᠪᠠᠷ ᠡᠬᠢᠯᠡᠪᠡ᠃
     ᠤᠷᠠᠨ ᠪᠢᠴᠢᠯᠭᠡ ᠶᠢᠨ ᠬᠢᠴᠢᠶᠡᠯ ᠤᠨ ᠲᠠᠩᠬᠢᠮ ᠳᠡᠭᠡᠷ᠎ᠡ᠂ ᠪᠠᠭᠰᠢ ᠬᠥᠨᠳᠡᠯᠡᠨ ᠭᠤᠯᠳᠤ ᠵᠢᠷᠤᠭᠠᠰᠤ ᠠᠴᠠ ᠡᠬᠢᠯᠡᠵᠦ᠂ ᠪᠢᠷ ᠤᠨ ᠵᠢᠷᠤᠭ ᠤᠨ ᠣᠨᠴᠠᠯᠢᠭ ᠵᠢᠴᠢ ᠪᠢᠴᠢᠬᠦ ᠳᠤ ᠠᠩᠬᠠᠷᠬᠤ ᠴᠢᠬᠤᠯᠠᠲᠠᠶ ᠵᠦᠢᠯᠡᠰ ᠢ ᠨᠠᠷᠢᠨ ᠲᠠᠶᠢᠯᠪᠤᠷᠢᠯᠠᠭᠰᠠᠨ ᠪᠥᠭᠡᠳ ᠦᠨᠳᠦᠰᠦᠨ ᠪᠢᠷ ᠤᠨ ᠵᠢᠷᠤᠭ ᠤᠨ ᠪᠢᠴᠢᠬᠦ ᠠᠷᠭ᠎ᠠ ᠶᠢ ᠵᠢᠱᠢᠶ᠎ᠡ ᠦᠵᠡᠭᠦᠯᠪᠡ᠃ ᠬᠡᠦᠬᠡᠳ ᠤᠳ ᠪᠠᠭᠰᠢ ᠶᠢᠨ ᠢᠶᠠᠨ ᠲᠠᠶᠢᠯᠪᠤᠷᠢᠯᠠᠬᠤ ᠶᠢ ᠨᠢᠳᠦ ᠰᠠᠯᠭᠠᠯ ᠦᠭᠡᠢ ᠰᠣᠨᠣᠰᠣᠮᠠᠭᠴᠠ ᠪᠥᠷ ᠰᠤᠷᠤᠭᠰᠠᠭᠠᠷ ᠪᠠᠶᠢᠯ᠎ᠠ᠃ ᠡᠨᠡ ᠬᠤᠭᠤᠴᠠᠭᠠᠨ ᠳᠤ᠂ ᠪᠠᠭᠰᠢ ᠨᠠᠷ ᠪᠠᠰᠠ ᠰᠤᠷᠤᠭᠴᠢ ᠨᠢᠭᠡᠪᠦᠷᠢ ᠶᠢᠨ ᠣᠨᠴᠠᠯᠢᠭ ᠪᠠ ᠬᠢᠷᠢ ᠬᠡᠮᠵᠢᠶ᠎ᠡ ᠶᠢ ᠦᠨᠳᠦᠰᠦᠯᠡᠨ ᠨᠢᠭᠡ ᠨᠢᠭᠡ ᠪᠠᠷ ᠵᠢᠭᠠᠨ ᠵᠢᠯᠣᠭᠤᠳᠪᠠ᠃      ᠰᠤᠷᠤᠭᠴᠢᠳ ᠢ ᠪᠡᠶ᠎ᠡ ᠰᠡᠳᠬᠢᠯ ᠢ ᠨᠡᠩ ᠪᠠᠶᠠᠷ ᠪᠠᠶᠠᠰᠬᠤᠯᠠᠩ ᠲᠠᠢ ᠪᠠᠶᠢᠯᠭᠠᠬᠤ ᠶᠢᠨ ᠳᠣᠯᠠᠳᠠ᠂ ᠨᠠᠶᠢᠳᠠᠨ ᠬᠠᠮᠢᠶᠠᠷᠤᠭᠤᠯᠬᠤ ᠠᠩᠭᠢ ᠶᠢᠨ ᠬᠢᠨ ᠪᠠᠰᠠ ᠭᠡᠷ ᠤᠨ ᠭᠠᠳᠠᠨᠠᠬᠢ ᠬᠢᠴᠢᠶᠡᠯ ᠨᠡᠭᠡᠭᠡᠵᠦ᠂ ᠤᠯᠠᠨ ᠢᠶᠠᠷ ᠢᠶᠠᠨ ︽ᠭᠠᠵᠠᠷ ᠳᠣᠣᠷᠠᠬᠢ ᠬᠤᠯᠤᠭᠠᠨ᠎ᠠ ᠶᠢ ᠴᠣᠬᠢᠬᠤ︾᠂ ᠳᠡᠭᠡᠰᠦ ᠦᠰᠦᠷᠬᠦ᠂ ᠥᠳᠥᠨ ᠪᠥᠮᠪᠦᠭᠡ ᠵᠡᠷᠭᠡ ᠲᠣᠭᠯᠠᠭᠠᠮ ᠤᠨ ᠭᠤᠭᠴᠤᠭ᠎ᠠ ᠳᠤ ᠪᠠᠶᠠᠷ ᠬᠦᠷ ᠢᠶᠠᠷ ᠪᠢᠯᠬᠠᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠤᠢ ᠪᠣᠯᠭᠠᠪᠠ᠃      ᠰᠤᠷᠤᠭᠴᠢ ᠭᠤᠤ ᠸᠧᠨ ᠵᠢᠩ ᠬᠡᠯᠡᠬᠦ ᠳᠡᠭᠡᠨ᠄ ︽ᠠᠳᠡ ᠠᠮᠢᠳᠤᠷᠠᠯ ᠰᠤᠷᠤᠯᠭ᠎ᠠ ᠲᠤᠩ ᠪᠠᠶᠠᠷᠲᠠᠢ ᠪᠠᠶᠢᠨ᠎ᠠ᠂ ᠪᠢᠳᠡ ᠮᠠᠰᠢ ᠤᠯᠠᠨ ᠥᠪᠡᠷᠮᠢᠴᠡ ᠬᠢᠴᠢᠶᠡᠯ ᠲᠠᠢ᠂ ᠪᠢᠳᠡᠨ ᠢ ᠪᠠᠶᠠᠷ ᠪᠠᠶᠠᠰᠬᠤᠯᠠᠩ ᠲᠠᠢ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠥᠩᠭᠡᠷᠡᠭᠦᠯᠵᠦ ᠴᠢᠳᠠᠨ᠎ᠠ︾ ᠭᠡᠵᠦ ᠬᠡᠯᠡᠪᠡ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽ᠬᠠᠶᠢᠷ᠎ᠠ ᠬᠠᠯᠠᠮᠵᠢ ᠶᠢ ᠨᠠᠶᠢᠳᠠᠨ ᠬᠠᠮᠢᠶᠠᠷᠤᠭᠤᠯᠬᠤ ᠠᠩᠭᠢ︾ ᠶᠢᠨ ᠬᠤᠭᠤᠴᠠᠭ᠎ᠠ ᠨᠢ ᠲᠠᠪᠤᠨ ᠭᠠᠷᠠᠭ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号