ᠬᠤᠲᠠ ᠶᠢᠨ ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ ᠵᠠᠬᠢᠳᠠᠯ ᠰᠤᠷᠪᠤᠯᠵᠢᠯᠠᠭ᠎ᠠ᠂ ᠠᠶᠤᠯᠭᠦᠶ ᠦᠢᠯᠡᠳᠪᠦᠷᠢᠯᠡᠯ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/11
    7 ᠰᠠᠷ᠎ᠠ ᠶᠢᠨ 9 ᠤ ᠡᠳᠦᠷ᠂ ᠪᠥᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 8 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠵᠤ᠂ ᠵᠠᠬᠢᠳᠠᠯ ᠰᠤᠷᠪᠤᠯᠵᠢᠯᠠᠭ᠎ᠠ᠂ ᠠᠶᠤᠯᠭᠦᠢ ᠦᠢᠯᠡᠳᠪᠦᠷᠢᠯᠡᠯ᠂ ᠠᠮᠤᠷ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠪᠠᠶᠢᠩᠭᠤ ᠪᠥᠭᠡᠳ ᠣᠷᠬᠢᠭᠳᠠᠭᠤᠯᠬᠤ ᠥᠬᠡᠶ ᠪᠠᠷ ᠵᠢᠭᠰᠠᠭᠠᠨ ᠪᠠᠶᠢᠴᠠᠭᠠᠵᠤ᠂ ᠱᠠᠲᠤ ᠠᠯᠤᠰᠯᠠᠨ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ᠂ ᠡᠮᠬᠢ ᠵᠢᠷᠤᠮ ᠲᠠᠢ ᠪᠠᠷ ᠬᠡᠷᠡᠭ ᠦᠢᠯᠡᠳᠬᠦ ᠵᠡᠷᠭᠡ ᠬᠠᠤᠯᠢ ᠠᠴᠠ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠰᠡᠳᠬᠢᠯ ᠳᠡᠯᠪᠢᠨ ᠰᠢᠢᠳᠪᠦᠷᠢᠯᠡᠬᠦ ᠬᠡᠷᠡᠭᠲᠡᠶ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠶᠤᠯ ᠶᠡᠬᠡᠲᠡᠢ ᠠᠵᠢᠯ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠤᠨᠢᠨ ᠳᠡᠭᠡᠷ᠎ᠡ ᠨᠢ ᠪᠦᠲᠦᠮᠵᠢᠲᠡᠢ ᠠᠬᠢᠭᠤᠯᠬᠤ ᠬᠡᠷᠡᠭᠲᠡᠢ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠬᠤᠶᠠᠷ ᠵᠢᠭᠰᠠᠭᠠᠯ ᠤᠨ ᠭᠠᠵᠠᠷ ᠢ ᠨᠢᠭᠡᠳᠦᠯᠲᠡᠢ ᠲᠥᠯᠥᠪᠵᠢᠭᠦᠯᠵᠦ᠂ ᠬᠢᠯᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠠᠬᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠢ ᠬᠠᠮᠠᠭᠠᠯᠠᠬᠤ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠴᠢᠩᠭ᠎ᠠ ᠨᠢᠮᠪᠠᠢ ᠬᠡᠷᠡᠭᠵᠢᠭᠦᠯᠵᠦ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号