︽ᠨᠢᠭᠡ ᠬᠤᠲᠠ ᠬᠤᠶᠠᠷ ᠬᠤᠰᠢᠭᠤ︾ ᠭᠤᠷᠪᠠᠨ ᠭᠠᠵᠠᠷ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ
ᠨᠡᠶᠢᠲᠡᠯᠡᠭᠰᠡᠨ ᠴᠠᠭ᠄
2024/7/15
     ᠲᠠᠪᠴᠠᠩ ᠭᠠᠷᠭᠠᠨ᠂ ᠬᠠᠮᠲᠤᠷᠠᠯᠴᠠᠭ᠎ᠠ ᠪᠠᠨ ᠠᠬᠢᠭᠤᠯᠵᠤ᠂ ᠭᠦᠨᠵᠡᠭᠡᠢ ᠰᠣᠯᠢᠯᠴᠠᠵᠠᠢ ᠁ 7 ᠰᠠᠷ᠎ᠠ ᠶᠢᠨ 11 ᠤ ᠡᠳᠦᠷ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠷᠬᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠠᠵᠤ ᠦᠢᠯᠡᠰ ᠤᠨ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠲᠤᠬᠠᠢ ᠶᠢᠨ ᠲᠠᠯᠠᠪᠠᠢ ᠶᠢᠨ ᠬᠤᠷᠠᠯ ᠤᠨ ᠬᠠᠮᠤᠭ ᠰᠡᠭᠦᠯᠴᠢ ᠶᠢᠨ ᠨᠢᠭᠡ ᠦᠷᠳᠡᠭᠡ ᠮᠠᠨ ᠤ ᠬᠤᠳᠠ ᠳᠤ ᠬᠦᠷᠴᠦ ᠲᠣᠭᠤᠷᠢᠨ ᠦᠵᠡᠵᠦ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠪᠡ᠃      ᠲᠣᠰ ᠤᠳᠠᠭᠠᠨ ᠤ ᠠᠬᠤᠶ ᠲᠠᠯᠠᠪᠠᠢ ᠶᠢᠨ ᠬᠤᠷᠠᠯ ᠢ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠡᠷᠭᠢᠯᠡᠵᠦ᠂ ᠮᠠᠨ ᠤ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠭᠡᠰᠢᠭᠦᠨ ᠠᠵᠤ ᠠᠬᠤᠶᠢᠯᠠᠯ ᠨᠡᠶᠢᠲᠡ 40 ᠭᠠᠷᠤᠶ ᠬᠥᠮᠦᠨ ᠢ ᠵᠣᠬᠢᠶᠠᠨ ᠪᠠᠶᠢᠭᠤᠯᠵᠤ ︽ᠨᠢᠭᠡ ᠬᠤᠲᠠ ᠬᠤᠶᠠᠷ ᠬᠤᠰᠢᠭᠤ︾ ᠳᠤ ᠣᠴᠢᠭᠤᠯᠤᠨ ᠲᠣᠭᠤᠷᠢᠨ ᠦᠵᠡᠵᠦ ᠰᠣᠯᠢᠯᠴᠠᠭᠤᠯᠪᠠ᠃      ᠥᠨᠳᠥᠷ ᠰᠦᠷᠯᠢᠭ ᠤᠯᠤᠰ ᠤᠨ ᠡᠭᠦᠳᠡᠨ ᠤ ᠳᠣᠣᠷ᠎ᠠ᠂ ᠬᠢᠯᠢ ᠶᠢᠨ ᠬᠥᠰᠢᠶ᠎ᠡ ᠶᠢᠨ ᠡᠮᠦᠨ᠎ᠡ᠂ ᠤᠯᠠᠨ ᠢᠶᠠᠷ ᠢᠶᠠᠨ ᠡᠬᠡ ᠤᠯᠤᠰ ᠤᠨ ᠬᠢᠯᠢ ᠬᠢᠵᠠᠭᠠᠷ ᠲᠠᠢ ᠨᠢᠭᠡ ᠤᠳᠠᠭ᠎ᠠ ᠳᠣᠲᠣᠨᠣᠰᠤᠭ ᠢᠶᠠᠷ ᠬᠠᠷᠢᠯᠴᠠᠪᠠ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠬᠦ᠂ ᠡᠬᠡ ᠤᠯᠤᠰ ᠤᠨ ᠬᠤᠶᠢᠲᠤ ᠡᠭᠦᠳᠡᠨ ᠤ ᠨᠠᠮ ᠤᠨ ᠬᠤᠪᠢᠰᠬᠠᠯᠲᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠥᠮᠦᠵᠢᠯ ᠤᠨ ᠰᠠᠭᠤᠷᠢᠨ ᠭᠠᠵᠠᠷ ᠵᠡᠷᠭᠡ ᠶᠢ ᠲᠣᠭᠤᠷᠢᠨ ᠦᠵᠡᠬᠦ ᠪᠠᠷ ᠳᠠᠮᠵᠢᠭᠤᠯᠤᠨ᠂ ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠡᠬᠡ ᠤᠯᠤᠰ ᠲᠤ ᠪᠠᠨ ᠦᠨᠡᠨᠴᠢ ᠰᠢᠳᠤᠷᠭᠤ ᠪᠠᠶᠢᠬᠤ ᠡᠷᠡᠰ ᠪᠠᠲᠤ ᠪᠥᠭᠡᠳ ᠤᠳᠬ᠎ᠠ ᠠᠭᠤᠯᠭ᠎ᠠ ᠲᠠᠢ ᠲᠠᠩᠭᠠᠷᠢᠭ ᠢᠶᠠᠷ ᠡᠬᠡ ᠤᠯᠤᠰ ᠲᠠᠭᠠᠨ ᠦᠨᠡᠨᠴᠢ ᠰᠢᠳᠤᠷᠭᠤ ᠪᠠᠶᠢᠬᠤ ᠢᠲᠡᠭᠡᠯ ᠵᠣᠷᠢᠭ ᠪᠠ ᠥᠨᠢ ᠡᠭᠦᠷᠢᠳᠡ ᠨᠠᠮ ᠢᠶᠠᠨ ᠳᠠᠭᠠᠬᠤ ᠵᠣᠷᠢᠭ ᠢᠶᠠᠨ ᠢᠯᠡᠳᠬᠡᠵᠦ᠂ ᠨᠢᠭᠡ ᠤᠳᠠᠭᠠᠨ ᠤ ᠣᠯᠳᠠᠬᠤᠶ᠎ᠠ ᠪᠡᠷᠬᠡ ᠪᠥᠭᠡᠳ ᠤᠳᠬ᠎ᠠ ᠠᠭᠤᠯᠭ᠎ᠠ ᠲᠠᠢ ᠡᠬᠡ ᠣᠷᠣᠨᠴᠢ ᠦᠵᠡᠯ ᠤᠨ ᠬᠥᠮᠦᠵᠢᠯ ᠬᠦᠷᠲᠡᠭᠡᠪᠡ᠃      ᠲᠤᠬᠠᠢ ᠶᠢᠨ ᠲᠠᠯᠠᠪᠠᠢ ᠳᠤ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠮᠠᠨ ᠤ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠡᠬᠡ ᠤᠯᠤᠰ ᠤᠨ ᠬᠤᠶᠢᠲᠤ ᠡᠭᠦᠳᠡᠨ ᠤ ᠨᠠᠮ ᠤᠨ ᠤᠯᠠᠭᠠᠨ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠤᠷᠭᠠᠨ ᠬᠥᠮᠦᠵᠢᠯ ᠤᠨ ᠰᠠᠭᠤᠷᠢᠨ ᠳᠤ ᠲᠤᠰ ᠲᠤᠰ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠤᠨ ᠰᠠᠭᠤᠷᠢᠨ ᠢ ᠪᠠᠶᠢᠭᠤᠯᠪᠠ᠃      ᠳᠠᠷᠠᠭ᠎ᠠ ᠨᠢ᠂ ᠣᠯᠠᠨ ᠢᠶᠠᠷ ᠢᠶᠠᠨ ᠤᠷᠢᠳ ᠬᠤᠵᠢᠳ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠬᠢᠯᠢ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ᠂ ᠪᠠᠶ ᠬᠤᠶ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠬᠠᠨᠳᠤᠰᠢ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠡᠭᠡ ᠪᠠᠶᠢᠷᠢᠰᠢᠯ ᠳᠤ ᠭᠦᠨᠵᠡᠭᠡᠶ ᠠᠭᠤᠰᠤᠯᠴᠠᠭᠰᠠᠨ ᠨᠡᠭᠡᠭᠡᠯᠲᠡ ᠬᠢᠬᠦ ᠠᠮᠢᠵᠢᠷᠠᠯ ᠤᠨ ᠬᠦᠴᠦᠨ ᠢ ᠣᠶᠢᠯᠠᠭᠠᠪᠠ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ︽ᠡᠷᠡᠭᠦᠯ ᠮᠡᠨᠳᠦ ᠳᠤ ᠦᠢᠯᠡᠴᠢᠯᠡᠬᠦ ᠲᠠᠯ᠎ᠠ ᠪᠠᠷ ᠬᠢ ᠨᠡᠶᠢᠲᠡᠯᠢᠭ ᠠᠷᠭ᠎ᠠ ᠬᠢᠳᠡᠯ ᠪᠣᠯᠤᠨ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠦᠢᠯᠡᠳᠪᠦᠷᠢᠯᠡᠯ ᠬᠠᠮᠢᠶᠠᠷᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠬᠠᠮᠲᠤᠷᠠᠯᠴᠠᠭᠠᠨ ᠤ ᠬᠤᠳᠠᠯᠳᠤᠭᠠᠨ ᠤ ᠠᠵᠠ ᠲᠣᠬᠢᠶᠠᠯ ᠢ ᠲᠠᠰᠤᠷᠠᠯᠲᠠ ᠦᠭᠡᠢ ᠡᠷᠢᠯᠬᠢᠯᠡᠪᠡ᠃      ᠡᠨᠡ ᠬᠤᠭᠤᠴᠠᠭᠠᠨ ᠳᠤ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠠᠨ ᠢᠶᠠᠷ ᠢᠶᠠᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠵᠤ ᠠᠬᠤᠶᠢᠯᠠᠯ ᠤᠨ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠠᠷᠠᠯᠵᠢᠶ᠎ᠠ ᠬᠤᠳᠠᠯᠳᠤᠭᠠᠨ ᠤ ᠬᠠᠮᠲᠤᠷᠠᠯᠴᠠᠭ᠎ᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠶᠠᠷᠢᠯᠴᠠᠪᠠ᠃      ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠬᠤᠷᠠᠯ ᠨᠢ ᠣᠯᠠᠨ ᠳᠤ ᠮᠥᠷᠭᠦᠯᠳᠦᠭᠰᠡᠨ ᠰᠡᠳᠬᠢᠴᠡ᠂ ᠮᠡᠳᠡᠭᠡ ᠵᠠᠩᠭᠢ ᠶᠢ ᠬᠤᠪᠢᠶᠠᠯᠴᠠᠬᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠠᠪᠴᠠᠩ ᠬᠠᠩᠭᠠᠵᠤ᠂ ᠨᠢᠭᠡ ᠤᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠬᠠᠮᠤᠭ ᠤᠨ ᠡᠮᠦᠨ᠎ᠡ ᠵᠠᠬ᠎ᠠ ᠶᠢᠨ ᠦᠵᠡᠯ ᠰᠠᠨᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠭᠤᠷᠪᠠᠨ ᠭᠠᠵᠠᠷ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠬᠦ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠣᠯᠠᠨ ᠢᠶᠠᠷ ᠢᠶᠠᠨ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠤᠷᠪᠠᠨ ᠭᠠᠵᠠᠷ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠥᠬᠦᠷᠰᠡᠭ ᠶᠠᠪᠤᠯᠴᠠᠭ᠎ᠠ ᠶᠢ ᠤᠯᠠᠮ ᠴᠢᠨᠠᠭᠰᠢᠳᠠ ᠠᠬᠢᠭᠤᠯᠵᠤ᠂ ᠣᠷᠳᠣ ᠬᠤᠭᠤᠴᠠᠭᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠥᠭᠵᠢᠯᠲᠡ ᠶᠢᠨ ᠲᠠᠪᠴᠠᠩ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠠᠵᠤ ᠦᠢᠯᠡᠰ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠳᠣᠪᠤᠶᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠦᠨᠵᠡᠭᠡᠶ ᠰᠣᠯᠢᠯᠴᠠᠭ᠎ᠠ ᠶᠢ ᠠᠬᠢᠭᠤᠯᠵᠤ᠂ ᠭᠠᠷ ᠬᠤᠯᠪᠣᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号