ᠡᠷᠢᠶᠡᠨ ᠬᠤᠳᠠ ᠢᠳᠡᠪᠬᠢᠳᠡᠢ ᠪᠠᠷ ᠭᠠᠩ ᠢ ᠡᠰᠡᠷᠭᠦᠴᠡᠨ ᠭᠠᠮᠰᠢᠭ ᠠᠴᠠ ᠠᠪᠤᠷᠠᠬᠤ ᠡᠯ᠎ᠡ ᠲᠦᠷᠦᠯ ᠤᠨ ᠪᠡᠯᠡ ᠮᠦᠩᠬᠦ ᠶᠢ ᠨᠡᠶᠢᠳᠡ 2418.98 ᠲᠦᠮᠡᠨ ᠲᠦᠬᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2024/7/15
    ᠵᠠᠯᠭᠠᠪᠠᠷ ᠥᠨᠳᠥᠷ ᠳᠤᠯᠠᠭᠠᠨ ᠭᠠᠩ ᠬᠠᠭᠤᠷᠠᠢ ᠠᠭᠤᠷ ᠠᠮᠢᠰᠬᠤᠯ ᠠᠴᠠ ᠪᠣᠯᠵᠣ᠂ ᠮᠠᠨ ᠤ ᠬᠤᠲᠠ ᠶᠢᠨ ᠮᠠᠯᠵᠢᠬᠤ ᠣᠷᠣᠨ ᠳᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠳᠤ ᠤᠴᠠᠷᠠᠵᠤ᠂ ᠲᠡᠵᠢᠭᠡᠯ ᠡᠪᠡᠰᠦ ᠪᠣᠷᠳᠤᠭ᠎ᠠ ᠬᠦᠨᠳᠦ ᠨᠣᠴᠢᠲᠠᠶ ᠳᠤᠲᠠᠭᠳᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠮᠠᠨ ᠤ ᠬᠤᠲᠠ ᠶᠢᠨ ᠬᠤᠷ᠎ᠠ ᠲᠤᠨᠳᠠᠰᠤᠨ ᠤ ᠬᠡᠮᠵᠢᠶ᠎ᠡ ᠵᠥᠪᠬᠡᠨ 41.2 ᠮᠢᠯᠢᠮᠧᠲᠷ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 17.3 ᠮᠢᠯᠢᠮᠧᠲᠷ ᠳᠤᠲᠠᠭᠤ ᠪᠣᠯᠵᠣ᠂ ᠭᠠᠮᠰᠢᠭᠳᠠᠭᠰᠠᠨ ᠪᠡᠯᠴᠢᠭᠡᠷ ᠤᠨ ᠲᠠᠯᠠᠪᠠᠶ 577.2 ᠲᠦᠮᠡᠨ ᠮᠥ ᠪᠠᠶᠢᠵᠤ᠂ 77019 ᠮᠠᠯ ᠭᠠᠮᠰᠢᠭᠳᠠᠪᠠ᠃      ᠣᠳᠣᠬᠠᠨ ᠤ ᠭᠠᠩ ᠬᠠᠭᠰᠠᠷᠠᠭᠠᠨ ᠲᠠᠢ ᠲᠡᠮᠡᠴᠡᠬᠦ ᠬᠦᠨᠳᠦ ᠬᠡᠴᠡᠭᠦᠦ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠂ ᠮᠠᠯᠵᠢᠬᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ 7 ᠤᠳᠠᠭ᠎ᠠ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠪᠠ ᠲᠤᠬᠠᠶ ᠶᠢᠨ ᠲᠠᠯᠠᠪᠤᠷ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠴᠠᠭ ᠲᠤᠬᠠᠶ ᠳᠤᠨᠢ Ⅲ ᠲᠠᠰ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠭᠰᠡᠨ ᠪᠥᠭᠡᠳ 6 ᠰᠠᠷ᠎ᠠ ᠶᠢᠨ 6 ᠤ ᠡᠳᠦᠷ ︽ᠡᠷᠢᠶᠡᠨ ᠬᠤᠲᠠ ᠶᠢᠨ 2024 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠤᠭᠰᠠᠨ ᠪᠥᠭᠡᠳ ᠭᠠᠩ ᠬᠠᠭᠰᠠᠷᠠᠭᠠᠨ ᠲᠠᠢ ᠲᠡᠮᠡᠴᠡᠬᠦ ᠨᠠᠷᠢᠨ ᠲᠣᠳᠣᠷᠬᠠᠶ ᠨᠥᠬᠦᠪᠥᠷᠢ ᠣᠯᠭᠤᠬᠤ ᠲᠥᠯᠥᠪᠯᠡᠭᠡ ᠶᠢ ᠲᠣᠭᠲᠠᠭᠠᠪᠠ᠃      ᠪᠥᠬᠦ ᠬᠤᠲᠠ ᠶᠢᠨ ᠬᠦᠨᠳᠦ ᠨᠣᠴᠢᠲᠠᠶ ᠭᠠᠩ ᠤᠨ ᠪᠠᠶᠢᠳᠠᠯ ᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠮᠢᠳᠤᠯᠢᠭ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠠᠪᠴᠤ᠂ ᠨᠥᠬᠦᠪᠥᠷᠢ ᠶᠢᠨ ᠪᠠᠯᠠ ᠮᠥᠩᠭᠦ ᠶᠢ ᠮᠠᠯᠴᠢᠳ ᠲᠤ ᠣᠨᠣᠪᠴᠢᠲᠠᠶ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠲᠣ ᠪᠣᠯᠲᠠᠯ᠎ᠠ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 2418.98 ᠲᠦᠮᠡᠨ ᠲᠥᠭᠦᠷᠢᠭ ᠰᠠᠯᠭᠠᠨ ᠥᠭᠴᠦ ᠂ ᠮᠠᠯᠵᠢᠬᠤ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠬᠦᠴᠢᠷᠳᠡᠯ ᠪᠠ ᠮᠠᠯ ᠤᠨᠤᠭ᠎ᠠ ᠳᠤ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠢ ᠨᠠᠮᠳᠠᠭᠤᠯᠬᠤ ᠳᠤ ᠬᠡᠷᠡᠭᠯᠡᠪᠡ᠃ ᠡᠭᠦᠨ ᠳᠤ᠂ 2024 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ 70% ᠶᠢᠨ ᠪᠠᠯᠠ ᠮᠥᠩᠭᠦ ᠶᠢ ᠲᠠᠷᠬᠠᠭᠠᠵᠤ᠂ ᠨᠡᠶᠢᠲᠡ 1055 ᠲᠦᠮᠡᠨ ᠲᠥᠭᠦᠷᠢᠭ ᠲᠠᠷᠬᠠᠭᠠᠪᠠ᠃      ᠮᠠᠨ ᠤ ᠬᠤᠲᠠ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠲᠠᠷᠬᠠᠭᠠᠬᠤ᠂ ᠬᠢᠮᠳᠠ ᠡᠪᠡᠰᠦ ᠪᠣᠷᠳᠤᠭ᠎ᠠ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠪᠦᠲᠦᠮᠵᠢᠲᠡᠶ ᠪᠠᠲᠤᠯᠠᠭ᠎ᠠ ᠲᠠᠢ ᠪᠣᠯᠵᠤ᠂ ᠮᠠᠯᠵᠢᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠳᠡᠭᠡᠭᠰᠢᠯᠡᠵᠦ᠂ ᠭᠠᠮᠰᠢᠭ ᠤᠨ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠪᠠ᠃ ᠲᠠᠷᠠᠭᠠᠴᠢ ᠶᠢᠨ ᠠᠵᠢᠯ ᠤᠨ ᠳᠤᠮᠳᠠ᠂ ᠬᠤᠲᠠ ᠶᠢᠨ ᠵᠠᠰᠠᠭ ᠤᠨ ᠣᠷᠳᠣᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号