ᠵᠠᠯᠠᠭᠤ  ᠣᠶᠣᠳᠠᠳ ᠤᠨ ᠬᠢᠯᠢ ᠶᠢᠨ ᠪᠣᠭᠤᠮᠲᠠ ᠶᠢᠨ ᠨᠢᠭᠡ ᠡᠳᠦᠷ ᠤᠨ ᠠᠶᠠᠯᠠᠯ
ᠨᠡᠶᠢᠲᠡᠯᠡᠭᠰᠡᠨ ᠴᠠᠭ᠄
2024/7/17
          7 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠰᠢ ᠠᠨ ᠤ ᠡᠯᠧᠺᠲᠷᠦᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠣᠶᠤᠲᠠᠨ ᠮᠠᠨ ᠤ ᠬᠤᠲᠠ ᠳᠤ ᠢᠷᠡᠵᠦ᠂ ︽ᠭᠤᠷᠪᠠ ᠶᠢ ᠬᠥᠳᠡᠭᠡ ᠪᠠᠭᠤᠯᠭᠠᠬᠤ︾ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠡᠬᠡ ᠤᠯᠤᠰ ᠤᠨ ᠬᠢᠯᠢ ᠶᠢᠨ ᠪᠣᠭᠤᠮᠲᠠ ᠶᠢ ᠠᠯᠬᠤᠮ ᠠᠯᠬᠤᠮ ᠢᠶᠠᠷ ᠬᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ︽ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ᠂ ᠠᠭᠤᠣ ᠨᠠᠮ ᠰᠡᠳᠬᠢᠯ ᠠᠮᠤᠷ ᠪᠠᠶᠢᠭᠠᠷᠠᠢ︾ ᠭᠡᠬᠦ ᠵᠠᠯᠠᠭᠤ ᠨᠠᠰᠤᠨ ᠤ ᠲᠠᠩᠭᠠᠷᠢᠭ ᠢᠶᠠᠨ ᠦᠢᠯᠡᠳᠦᠯᠭᠡᠵᠢᠭᠦᠯᠪᠡ᠃      ᠲᠤᠰ ᠡᠳᠦᠷ᠂ ᠬᠤᠲᠠ ᠶᠢᠨ ᠡᠪᠯᠡᠯ ᠤᠨ ᠬᠤᠷᠢᠶᠠᠨ ᠤ ᠵᠣᠬᠢᠶᠠᠨ ᠪᠠᠶᠢᠭᠤᠯᠤᠯᠲᠠ ᠳᠣᠤᠷ᠎ᠠ᠂ ᠬᠤᠶᠠᠷ ᠶᠡᠭᠡ ᠰᠤᠷᠭᠠᠭᠤᠯᠢ ᠶᠢᠨ ᠣᠶᠤᠲᠠᠨ ᠡᠨᠡ ᠵᠢᠯ ᠤᠨ ᠮᠠᠨ ᠤ ᠬᠤᠲᠠ ᠶᠢᠨ ᠰᠢᠨ᠎ᠡ ᠪᠠᠷ ᠡᠯᠰᠡᠭᠰᠡᠨ 37 ᠠᠯᠪᠠᠲᠠᠨ ᠲᠠᠢ ᠬᠠᠮᠲᠤ ᠪᠠᠷ ᠬᠢᠯᠢ ᠶᠢᠨ ᠪᠣᠭᠤᠮᠲᠠ ᠳᠤ ᠭᠠᠷᠴᠤ᠂ ᠪᠣᠭᠤᠮᠲᠠ ᠶᠢᠨ ᠲᠡᠤᠬᠡᠨ ᠤᠯᠠ ᠮᠥᠷ ᠢ ᠬᠠᠶᠢᠨ ᠰᠦᠪᠡᠭᠴᠢᠯᠡᠵᠦ᠂ ᠬᠢᠯᠢ ᠬᠢᠵᠠᠭᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ᠂ ᠬᠢᠯᠢ ᠬᠢᠵᠠᠭᠠᠷ ᠢᠶᠠᠨ ᠪᠥᠲᠥᠭᠡᠨ ᠪᠠᠶᠢᠭᠤᠯᠬᠤ ᠰᠡᠳᠬᠢᠯᠭᠡ ᠶᠢ ᠣᠶᠢᠯᠠᠭᠠᠪᠠ᠃      ᠵᠠᠯᠠᠭᠤ ᠣᠶᠤᠲᠠᠨ ᠤ ᠳᠣᠲᠣᠷ᠎ᠠ ᠬᠠᠮᠤᠭ ᠤᠨ ᠬᠤᠯᠠ ᠨᠢ ᠭᠤᠸᠠᠩᠳᠦ᠋ᠩ ᠮᠤᠵᠢ ᠳᠤ ᠪᠠᠶᠢᠨ᠎ᠠ᠃ ᠬᠢᠯᠢ ᠬᠢᠵᠠᠭᠠᠷ ᠤᠨ ᠪᠣᠭᠤᠮᠲᠠ ᠳᠤ ᠬᠦᠷᠬᠦ ᠳᠤ᠂ ᠤᠯᠠᠨ ᠢᠶᠠᠷ ᠢᠶᠠᠨ ᠡᠨᠡ ᠤᠳᠠᠭ᠎ᠠ ᠶᠢᠨ ᠠᠵᠠ ᠲᠣᠬᠢᠶᠠᠯ ᠢ ᠣᠨᠴᠠᠭᠠᠢ ᠨᠠᠨᠳᠢᠩᠨᠠᠵᠦ ᠪᠠᠶᠢᠨ᠎ᠠ᠃ ᠭᠠᠯᠲᠤ ᠲᠡᠷᠭᠡᠨ ᠥᠷᠲᠡᠭᠡ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠂ ᠪᠣᠭᠤᠮᠲᠠ ᠶᠢᠨ ᠵᠢᠭᠤᠯᠴᠢᠯᠠᠯ ᠤᠨ ᠪᠠᠶᠢᠴᠠᠭᠠᠬᠤ ᠵᠠᠮ ᠵᠢᠴᠢ ᠵᠠᠯᠠᠭᠤᠴᠤᠳ ᠤᠨ ᠬᠢᠯᠢ ᠬᠢᠵᠠᠭᠠᠷ ᠢ ᠬᠠᠮᠠᠭᠠᠯᠠᠭᠰᠠᠨ ᠨᠡᠶᠢᠲᠡᠯᠢᠭ  ᠵᠢᠱᠢᠶᠡᠴᠢ ᠦᠨᠢᠮᠦ᠋ᠩᠭᠡ ᠶᠢᠨ ᠬᠢᠨ ᠵᠡᠷᠭᠡ ᠭᠠᠵᠠᠷ ᠲᠤ ᠣᠯᠠᠨ ᠢᠶᠠᠷ ᠢᠶᠠᠨ ᠨᠠᠷᠢᠨ ᠬᠢᠨᠠᠮᠠᠭᠠᠶ ᠲᠣᠭᠤᠷᠢᠨ ᠦᠵᠡᠵᠦ ᠰᠤᠷᠤᠯᠴᠠᠪᠠ᠃ ᠨᠢᠭᠡ ᠭᠡᠷᠡᠯ ᠵᠢᠷᠤᠭ ᠨᠢ ᠬᠢᠯᠢ ᠬᠢᠵᠠᠭᠠᠷ ᠢ ᠰᠠᠬᠢᠨ ᠬᠠᠮᠠᠭᠠᠯᠠᠬᠤ ᠬᠢᠯᠪᠠᠷ ᠪᠤᠰᠤ ᠭᠡᠳᠡᠭ ᠢ ᠲᠣᠭᠠᠴᠢᠵᠤ᠂ ᠲᠤᠭ᠎ᠠ ᠪᠠᠷᠢᠮᠲᠠ ᠨᠢ ᠪᠣᠭᠤᠮᠲᠠ ᠶᠢᠨ ᠬᠥᠭᠵᠢᠯᠲᠡ ᠶᠢᠨ ᠰᠤᠳᠠᠰᠤ ᠶᠢ ᠲᠡᠮᠳᠡᠭᠯᠡᠵᠦ᠂ ᠤᠳᠠᠭ᠎ᠠ ᠳᠠᠷᠠᠭᠠᠯᠠᠨ ᠭᠠᠪᠢᠶ᠎ᠠ ᠵᠢᠳᠬᠦᠯ ᠳᠤ ᠬᠠᠷᠢᠭᠤᠴᠠᠯᠭ᠎ᠠ ᠪᠠ ᠢᠷᠠᠭᠤ ᠠᠯᠳᠠᠷ ᠢ ᠰᠡᠶᠢᠯᠵᠦ ᠪᠠᠶᠢᠨ᠎ᠠ᠃ ᠤᠯᠠᠨ ᠢᠶᠠᠷ ᠢᠶᠠᠨ ᠬᠤᠪᠢᠰᠬᠠᠯ ᠤᠨ ᠪᠠᠭᠤᠷᠢ ᠶᠢ ᠪᠠᠷᠠᠯᠠᠵᠤ᠂ ᠬᠢᠯᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠰᠤᠷᠤᠯᠴᠠᠵᠤ᠂ ᠡᠨᠡ ᠬᠦ ᠬᠤᠳᠠ ᠶᠢᠨ ᠤᠷᠢᠳᠤ ᠨᠢ ᠡᠨᠡ ᠬᠦ ᠶᠢᠷᠲᠢᠨᠴᠦ ᠶᠢ ᠣᠶᠢᠯᠠᠭᠠᠵᠤ᠂ ᠲᠡᠳᠡᠨ ᠤ ᠠᠬᠤᠢ ᠪᠠᠶᠢᠳᠠᠯ ᠳᠤ ᠬᠢᠯᠢ ᠬᠢᠵᠠᠭᠠᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠮᠡᠳᠡᠷᠡᠵᠦ᠂ ᠡᠬᠡ ᠤᠯᠤᠰ ᠤᠨ ᠨᠤᠲᠤᠭ ᠳᠡᠪᠢᠰᠭᠡᠷ ᠢ ᠪᠢᠰᠢᠷᠡᠨ  ᠬᠦᠨᠳᠦᠳᠬᠡᠬᠦ ᠪᠠ ᠰᠠᠬᠢᠨ ᠬᠠᠮᠠᠭᠠᠯᠠᠬᠤ ᠰᠡᠳᠬᠢᠯᠭᠡ ᠪᠠᠷ ᠪᠢᠯᠬᠠᠮ᠎ᠠ ᠪᠠᠶᠢᠯ᠎ᠠ᠃      ᠬᠢᠯᠢ ᠶᠢᠨ ᠬᠥᠰᠢᠶ᠎ᠡ ᠪᠣᠯ ᠡᠬᠡ ᠤᠯᠤᠰ ᠤᠨ ᠨᠤᠲᠤᠭ ᠳᠡᠪᠢᠰᠬᠡᠷ ᠤᠨ ᠪᠡᠯᠭᠡ ᠲᠡᠮᠳᠡᠭ ᠮᠥᠨ᠂ ᠨᠡᠩ ᠴᠤ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠰᠢᠩᠭᠡᠵᠦ ᠪᠠᠶᠢᠳᠠᠭ᠃ ᠣᠯᠠᠨ ᠢᠶᠠᠷ ᠢᠶᠠᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠠᠢ ᠬᠠᠮᠲᠤ ᠬᠢᠯᠢ ᠶᠢᠨ ᠲᠣᠭᠤᠷᠢᠨ ᠴᠠᠭᠳᠠᠵᠤ᠂ ᠲᠡᠳᠡᠨ ᠤ ᠴᠢᠩᠭ᠎ᠠ ᠨᠢᠮᠪᠠᠶ ᠬᠠᠲᠠᠭᠤ ᠪᠡᠷᠬᠡᠰᠢᠶᠠᠯ ᠢ ᠪᠡᠶᠡᠴᠢᠯᠡᠨ ᠣᠶᠢᠯᠠᠭᠠᠵᠤ᠂ ᠡᠬᠡ ᠤᠯᠤᠰ ᠤᠨ ᠬᠢᠯᠢ ᠶᠢᠨ ᠪᠣᠭᠤᠮᠲᠠ ᠶᠢᠨ ᠠᠤᠭ᠎ᠠ ᠶᠡᠭᠡ᠂ ᠡᠬᠡ ᠤᠯᠤᠰ ᠤᠨ ᠨᠤᠲᠤᠭ ᠳᠡᠪᠢᠰᠬᠡᠷ ᠤᠨ ᠠᠷᠢᠭᠤᠨ ᠳᠠᠷᠬᠠᠨ ᠪᠠ ᠰᠦᠷ ᠬᠦᠴᠦᠨ ᠢ ᠨᠢ ᠣᠶᠢᠯᠠᠭᠠᠪᠠ᠃      ᠡᠨᠡ ᠤᠳᠠᠭ᠎ᠠ ᠶᠢᠨ ᠮᠠᠷᠲᠠᠭᠳᠠᠰᠢ ᠦᠭᠡᠢ ᠬᠢᠯᠢ ᠶᠢᠨ ᠪᠣᠭᠤᠮᠲᠠ ᠶᠢᠨ ᠠᠵᠢᠯᠯᠠᠭ᠎ᠠ ᠶᠢᠨ ᠠᠵᠢᠯᠯᠠᠭ᠎ᠠ ᠳᠤ᠂ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ ᠪᠠᠲᠤ ᠰᠠᠬᠢᠬᠤ ᠪᠠ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠨᠢ ᠵᠠᠯᠠᠭᠤᠴᠤᠳ ᠨᠢᠭᠡᠪᠦᠷᠢ ᠶᠢ ᠭᠦᠨ ᠳᠣᠭᠳᠣᠯᠤᠭᠤᠯᠵᠤ᠂ ᠲᠡᠳᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠢ ᠨᠡᠩ ᠭᠦᠨᠵᠡᠭᠡᠢ ᠤᠢᠢᠯᠠᠭᠠᠭᠤᠯᠵᠤ᠂ ᠬᠢᠯᠢ ᠶᠢᠨ ᠣᠷᠣᠨ ᠤ ᠠᠷᠠᠳ ᠢ ᠨᠡᠭᠦᠯᠭᠡᠵᠦ ᠴᠠᠭᠳᠠᠭ᠎ᠠ ᠶᠢ ᠬᠠᠮᠢᠶᠠᠷᠬᠤ ︽ᠬᠢᠯᠢ ᠶᠢ ᠰᠠᠬᠢᠵᠤ᠂ ᠬᠢᠯᠢ ᠶᠢ ᠴᠠᠭᠳᠠᠨ ᠪᠠᠶᠢᠴᠠᠭᠠᠬᠤ ᠳᠤ ᠬᠦᠴᠢᠷ ᠪᠡᠷᠬᠡ︾ ᠪᠠᠶᠢᠬᠤ ᠶᠢ ᠦᠨᠡᠨ ᠬᠦ ᠣᠶᠢᠯᠠᠭᠠᠭᠤᠯᠪᠠ᠃ ᠤᠯᠠᠨ ᠢᠶᠠᠷ ᠢᠶᠠᠨ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号