【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠳᠡᠭᠡᠷ᠎ᠡ ᠬᠠᠭᠠᠰ ᠵᠢᠯ ᠳᠤ ᠡᠷᠢᠶᠡᠨ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠶᠡᠷᠦᠩᠬᠡᠢ ᠥᠷᠲᠡᠭ 200 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/7/18
   ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠶᠡᠷᠦᠩᠬᠡᠢ ᠥᠷᠲᠡᠭ 222.6 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃      ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠮᠥᠨ᠂ ᠭᠠᠳᠠᠭᠠᠳᠤ ᠳᠤ ᠣᠷᠣᠰ ᠮᠣᠩᠭᠤᠯ ᠲᠠᠢ ᠨᠡᠪᠳᠡᠷᠡᠯᠴᠡᠵᠦ᠂ ᠳᠣᠲᠣᠭᠠᠳᠤ ᠳᠠᠭᠠᠨ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠶ ᠶᠢᠨ ᠲᠣᠭᠤᠷᠢᠭ ᠲᠠᠢ ᠬᠤᠯᠪᠣᠭᠠᠯᠠᠨ᠂ ᠮᠣᠩᠭᠤᠯ ᠲᠠᠢ ᠠᠷᠠᠯᠵᠢᠶ᠎ᠠ ᠪᠠᠷᠠᠭ᠎ᠠ ᠲᠡᠭᠡᠭᠡᠪᠦᠷᠢᠯᠡᠬᠦ ᠴᠢᠳᠠᠮᠵᠢ ᠶᠢ ᠡᠭᠦᠷᠭᠡᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠸᠠᠷ ᠤᠨ ᠪᠣᠭᠤᠮᠲᠠ ᠪᠠᠷ ᠥᠩᠭᠡᠷᠡᠬᠦ ᠴᠢᠬᠤᠯᠠ ᠡᠭᠦᠳᠡ ᠡᠷᠦᠬᠡ ᠮᠥᠨ᠃      ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠡᠳᠦᠷ ᠢᠷᠡᠬᠦᠶ᠎ᠡ ᠬᠥᠭᠵᠢᠬᠦ ᠶᠢ ᠳᠠᠭᠠᠯᠳᠤᠨ᠂ ᠡᠷᠢᠶᠡᠨ ᠬᠤᠲᠠ ︽33︾ ᠪᠣᠰᠤᠭ᠎ᠠ ᠴᠣᠭᠴᠠᠲᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠪᠣᠭᠤᠮᠲᠠ ᠳᠤ ᠲᠦᠰᠢᠭᠯᠡᠨ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠵᠡᠷᠭᠡ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠤᠯᠤᠰ ᠤᠨ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ ᠡᠳ᠋ᠰᠢᠭᠦᠯᠬᠦ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠦᠢᠯᠡᠴᠢᠯᠡᠭᠡ ᠶᠢ ᠢᠳᠡᠪᠬᠢᠲᠡᠶ ᠳᠡᠮᠵᠢᠵᠦ᠂ ᠬᠢᠯᠢ ᠳᠠᠭᠠᠤ ᠶᠢᠨ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ ᠢ ᠪᠣᠶ ᠪᠣᠯᠭᠠᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号