ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠢᠪᠡ
ᠨᠡᠶᠢᠲᠡᠯᠡᠭᠰᠡᠨ ᠴᠠᠭ᠄
2024/7/18
          7 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠠᠷᠪᠠᠨ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠ ᠬᠠᠢ ᠲᠤᠤ᠂ ᠴᠣᠭᠵᠢᠯ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠳᠡᠭᠡᠷ᠎ᠡ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠵᠣᠬᠢᠴᠠᠭᠤᠯᠬᠤ ᠭᠠᠵᠠᠷ ᠤᠨ ᠬᠠᠷᠢᠭᠤᠴᠠᠯᠭᠠᠲᠠᠨ ᠢ ᠲᠤᠰᠬᠠᠶᠢᠯᠠᠨ ᠤᠷᠢᠵᠤ ︽ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠥᠨᠳᠥᠷ ᠵᠣᠭᠰᠣᠴᠠ ᠥᠨᠳᠥᠷ ᠪᠠᠷᠢᠮᠵᠢᠶ᠎ᠠ ᠪᠠᠷ ᠰᠠᠶᠢᠲᠤᠷ ᠬᠢᠯᠭᠡᠶ᠎ᠡ︾ ᠭᠡᠬᠦ ᠰᠡᠳᠦᠪ ᠢᠶᠠᠷ ᠭᠠᠵᠢᠭᠤ ᠨᠣᠮᠯᠠᠯ ᠢ ᠦᠨᠳᠦᠰᠦᠨ ᠠᠴᠠ ᠨᠢ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠢ ᠲᠠᠶᠢᠯᠤᠮᠵᠢ ᠬᠢᠯᠭᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠰᠢᠰᠲ᠋ᠧᠮᠲᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠦᠳᠦᠭᠡᠨ ᠪᠠᠶᠢᠭᠤᠯᠤᠯᠲᠠ ᠶᠢᠨ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠭᠠᠵᠢᠭᠤ ᠨᠣᠮᠯᠠᠯ ᠤᠨ ᠡᠭᠦᠰᠦᠭᠰᠡᠨ ᠬᠥᠷᠥᠰᠥ ᠰᠢᠷᠣᠢ ᠶᠢ ᠡᠷᠡᠰ ᠠᠷᠢᠯᠭᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠡᠪᠳᠡᠯᠡᠭᠡ ᠶᠢᠨ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠡᠷᠡᠰ ᠴᠣᠬᠢᠯᠲᠠ ᠥᠭᠬᠦ ᠬᠡᠷᠡᠭᠲᠡᠢ᠃ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠲᠦᠮᠡᠨ ᠤ ᠭᠠᠵᠢᠭᠤ ᠨᠣᠮᠯᠠᠯ ᠤᠨ ᠮᠥᠨ ᠴᠢᠨᠠᠷ ᠪᠠ ᠬᠤᠣᠷ ᠬᠥᠨᠥᠭᠡᠯ ᠤᠨ ᠲᠤᠬᠠᠢ ᠲᠠᠨᠢᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠨ ᠰᠡᠷᠭᠡᠶᠢᠯᠡᠬᠦ ᠪᠠ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号