ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠶᠡᠷᠦᠩᠬᠡᠢ ᠥᠷᠲᠡᠭ 222.6 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ | | | | | | ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠮᠥᠨ᠂ | ᠭᠠᠳᠠᠭᠠᠳᠤ ᠳᠤ ᠣᠷᠣᠰ ᠮᠣᠩᠭᠤᠯ ᠲᠠᠢ ᠨᠡᠪᠳᠡᠷᠡᠯᠴᠡᠵᠦ᠂ ᠳᠣᠲᠣᠭᠠᠳᠤ ᠳᠠᠭᠠᠨ ᠬᠥᠬᠡᠬᠤᠲᠠ ᠪᠤᠭᠤᠲᠤ ᠢᠷᠭᠠᠢ | ᠲᠡᠮᠡᠭᠡᠲᠦ ᠶᠢᠨ ᠠᠵᠤ ᠠᠬᠤᠶ ᠶᠢᠨ ᠲᠣᠭᠤᠷᠢᠭ ᠲᠠᠢ ᠬᠤᠯᠪᠣᠭᠠᠯᠠᠨ᠂ ᠮᠣᠩᠭᠤᠯ ᠲᠠᠢ ᠠᠷᠠᠯᠵᠢᠶ᠎ᠠ ᠪᠠᠷᠠᠭ᠎ᠠ | ᠲᠡᠭᠡᠭᠡᠪᠦᠷᠢᠯᠡᠬᠦ ᠴᠢᠳᠠᠮᠵᠢ ᠶᠢ ᠡᠭᠦᠷᠭᠡᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠸᠠᠷ ᠤᠨ ᠪᠣᠭᠤᠮᠲᠠ ᠪᠠᠷ | ᠥᠩᠭᠡᠷᠡᠬᠦ ᠴᠢᠬᠤᠯᠠ ᠡᠭᠦᠳᠡ ᠡᠷᠦᠬᠡ ᠮᠥᠨ᠃ | ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠡᠳᠦᠷ ᠢᠷᠡᠬᠦᠶ᠎ᠡ ᠬᠥᠭᠵᠢᠬᠦ ᠶᠢ ᠳᠠᠭᠠᠯᠳᠤᠨ᠂ | ᠡᠷᠢᠶᠡᠨ ᠬᠤᠲᠠ ︽33︾ ᠪᠣᠰᠤᠭ᠎ᠠ ᠴᠣᠭᠴᠠᠲᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠲᠡᠮᠦᠷ ᠵᠠᠮ᠂ | ᠵᠠᠰᠠᠮᠠᠯ ᠵᠠᠮ᠂ ᠠᠭᠠᠷ ᠤᠨ ᠪᠣᠭᠤᠮᠲᠠ ᠳᠤ ᠲᠦᠰᠢᠭᠯᠡᠨ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ᠂ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠵᠡᠷᠭᠡ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠤᠯᠤᠰ ᠤᠨ | ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠵᠤ ᠡᠳ᠋ᠰᠢᠭᠦᠯᠬᠦ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ | ᠦᠢᠯᠡᠴᠢᠯᠡᠭᠡ ᠶᠢ ᠢᠳᠡᠪᠬᠢᠲᠡᠶ ᠳᠡᠮᠵᠢᠵᠦ᠂ ᠬᠢᠯᠢ ᠳᠠᠭᠠᠤ ᠶᠢᠨ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ | ᠨᠡᠭᠡᠭᠡᠯᠲᠡ ᠶᠢᠨ ᠲᠠᠪᠴᠠᠩ ᠢ ᠪᠣᠶ ᠪᠣᠯᠭᠠᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | |