| ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ | ᠬᠤᠲᠠ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠬᠤ ᠮᠠᠰᠢᠨ ᠴᠠᠬᠢᠯᠭᠠᠨ ᠤ ᠦᠢᠯᠡᠳᠬᠦᠨ 66.5 ᠳ᠋ᠦᠩᠰᠢᠭᠤᠷ | ᠲᠥᠭᠦᠷᠢᠭ ᠲᠤ ᠬᠦᠷᠴᠦ᠂ 33.5% ᠪᠠᠷ ᠨᠡᠮᠡᠭᠳᠡᠪᠡ᠃ ᠭᠤᠣᠯ ᠪᠣᠯᠬᠤ ᠭᠠᠳᠠᠭᠠᠳᠤ ᠳᠤ ᠭᠠᠷᠭᠠᠬᠤ ᠲᠠᠸᠠᠷ ᠲᠤ | ᠮᠠᠰᠢᠨ ᠲᠡᠷᠭᠡ ︵ᠰᠠᠭᠤᠷᠢ ᠲᠠᠪᠠᠭ ᠪᠠᠭᠲᠠᠨ᠎ᠠ︶᠂ ᠴᠠᠬᠢᠯᠭᠠᠨ ᠤ ᠪᠠᠭᠠᠵᠢ ᠬᠡᠷᠡᠭᠰᠡᠯ᠂ ᠨᠡᠶᠢᠳᠡᠮ ᠬᠡᠷᠡᠭᠯᠡᠬᠦ ᠮᠠᠰᠢᠨ | ᠮᠧᠬᠠᠨᠢᠭ ᠤᠨ ᠲᠥᠬᠦᠭᠡᠷᠦᠮᠵᠢ᠂ ᠮᠠᠰᠢᠨ ᠲᠡᠷᠭᠡᠨ ᠤ ᠰᠡᠯᠪᠢᠭ ᠲᠣᠨᠤᠭ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢ | ᠪᠠᠭᠲᠠᠭᠠᠨ᠎ᠠ᠃ | | | | | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠭᠦᠵᠦ | ᠬᠦᠴᠢᠷᠳᠡᠯ ᠢ ᠨᠢ ᠰᠢᠢᠳᠪᠣᠷᠢᠯᠡᠬᠦ ᠲᠤᠰᠭᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠵᠠᠭᠤᠨ ᠬᠥᠮᠦᠨ ᠮᠢᠩᠭᠠᠨ | ᠠᠵᠤ ᠠᠬᠤᠢᠯᠠᠯ ᠲᠠᠢ ᠬᠤᠯᠪᠣᠭᠠᠯᠠᠨ ᠭᠠᠳᠠᠭᠠᠳᠤ ᠠᠷᠠᠯᠵᠢᠶ᠎ᠠ ᠶᠢ ᠬᠦᠴᠦᠯᠡᠨ ᠠᠬᠢᠭᠤᠯᠬᠤ︾ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ︽ᠨᠢᠭᠡ ᠯᠡ ᠴᠣᠩᠬᠤ︾ ᠶᠢ ᠤᠬᠠᠭᠤᠯᠬᠤ ᠪᠠ ᠬᠡᠷᠡᠭᠯᠡᠬᠦ ᠪᠣᠯᠪᠠᠰᠣᠷᠠᠭᠤᠯᠤᠯ ᠤᠨ | ᠡᠷᠴᠢᠮ ᠢᠶᠠᠨ ᠴᠢᠩᠭᠠᠷᠠᠭᠤᠯᠵᠤ᠂ ︽ᠨᠢᠭᠡ ᠨᠢᠭᠡ ᠪᠠᠷ ᠨᠢᠭᠤᠷᠳᠠᠨ ᠵᠢᠯᠣᠭᠤᠳᠬᠤ︾ ᠪᠠᠷ ᠠᠵᠤ ᠠᠬᠤᠢᠯᠠᠯ ᠤᠨ ︽ | ᠨᠢᠭᠡ ᠯᠡ ᠴᠣᠩᠬᠤ ᠪᠠᠷ︾ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠵᠤ᠂ ᠪᠣᠭᠤᠮᠲᠠ ᠶᠢᠨ ᠭᠠᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠳᠠᠶᠢᠯᠣᠮᠵᠢ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ | ᠠᠵᠢᠯ ᠢᠶᠠᠷ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠬᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠢᠯᠢᠳᠡᠭᠵᠢᠬᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢᠨ ᠳᠥᠭᠦᠮ ᠲᠦᠳᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ | ᠃ | | | ᠲᠠᠷᠠᠭᠠᠴᠢ ᠶᠢᠨ ᠠᠯᠬᠤᠮ ᠳᠤ᠂ ᠡᠷᠢᠶᠡᠨ ᠬᠤᠲᠠ ᠶᠢᠨ ᠪᠣᠭᠤᠮᠲᠠ ᠦᠷᠭᠦᠯᠵᠢᠯᠡᠨ ︽ᠳᠠᠩ ᠭᠠᠭᠴᠠ | ᠴᠣᠩᠬᠤᠪᠴᠢ︾ ᠪᠠᠷ ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ | ᠳᠥᠲᠡ ᠴᠢᠳᠠᠮᠵᠢ ᠶᠢ ᠭᠦᠢᠴᠡᠳ ᠠᠭᠤᠳᠠᠯᠵᠤ᠂ ︽ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ︾᠂ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ | ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ | ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠪᠣᠭᠤᠮᠲᠠ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ | ᠨᠡᠮᠡᠷᠢᠯᠡᠨ᠎ᠡ᠃ |