ᠬᠠᠤᠯᠢ ᠪᠠᠷ ᠵᠠᠰᠠᠬᠤ ᠪᠣᠭᠤᠮᠲᠠ ᠶᠢ ᠬᠠᠮᠲᠤ ᠪᠠᠷ ᠪᠠᠶᠢᠭᠤᠯᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ︽ᠵᠠᠮ ᠳᠡᠭᠡᠷ᠎ᠡ︾ ᠶᠠᠪᠣᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 23 ᠤ ᠡᠳᠦᠷ᠂ ᠮᠠᠨ ᠤ ᠬᠤᠲᠠ ᠠᠪᠤᠷᠭᠤ ᠭᠦᠷᠪᠡᠯ ᠤᠨ ᠠᠭᠤᠳᠠᠮ ᠲᠠᠯᠠᠪᠠᠶ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ · ᠡᠷᠢᠶᠡᠨ ᠬᠤᠲᠠ ᠶᠢᠨ ︽ᠤᠮᠠᠷᠠᠲᠤ ᠬᠢᠯᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠤᠯᠢ ᠪᠠᠷ ᠵᠠᠰᠠᠬᠤ ᠬᠡᠷᠡᠯ ᠢ ᠪᠠᠳᠠᠷᠠᠭᠤᠯᠵᠤ ᠂ ᠪᠣᠭᠤᠮᠲᠠ ᠶᠢᠨ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠤᠯᠠᠭᠠᠨᠮᠥ᠋ᠴᠢᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠪᠣᠯᠤᠨ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠳᠠᠭᠤᠯᠠᠨ ᠪᠥᠵᠢᠭᠯᠡᠵᠦ᠂ ᠪᠣᠭᠤᠮᠲᠠ ᠶᠢᠨ ᠬᠠᠤᠯᠢ ᠪᠠᠷ ᠵᠠᠰᠠᠬᠤ ᠳᠠᠭᠤᠤ ᠶᠢ ᠳᠠᠭᠤᠯᠠᠵᠤ᠂ ᠬᠢᠯᠢ ᠬᠢᠵᠠᠭᠠᠷ ᠤᠨ ᠬᠠᠤᠯᠢ ᠪᠠᠷ ᠵᠠᠰᠠᠬᠤ ᠬᠦᠴᠦᠨ ᠢ ᠪᠥᠵᠢᠭᠯᠡᠪᠡ᠃ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠲᠠᠪᠴᠠᠩ ᠳᠡᠭᠡᠷ᠎ᠡ ᠭᠠᠷᠴᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠠᠷᠠᠳ ᠤᠨ ᠲᠥᠯᠥᠭᠡ ᠵᠣᠷᠢᠭ ᠰᠢᠭᠤᠳᠬᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠭᠰᠡᠨ ᠰᠡᠳᠬᠢᠯ ᠬᠥᠳᠡᠯᠭᠡᠮ᠎ᠡ ᠥᠯᠢᠭᠡᠷ ᠢ ᠣᠯᠠᠨ ᠳᠤ ᠬᠤᠪᠢᠶᠠᠯᠴᠠᠪᠠ᠃      ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠬᠠᠮᠲᠤᠪᠠᠷ ᠤᠯᠠᠨ ᠤᠨᠴᠠᠯᠢᠬᠳᠤ ᠲᠦᠷᠦᠯ ᠲᠡᠮᠳᠡᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠤ ᠲᠤᠭ ᠣᠯᠭᠤᠵᠤ᠂ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠠᠶᠢᠵᠠ ᠶᠢᠨ ᠲᠣᠭᠤᠷᠢᠭ︾ ᠢ ᠲᠠᠰᠤᠷᠠᠯᠲᠠ ᠦᠭᠡᠢ ᠥᠷᠭᠡᠳᠬᠡᠵᠦ᠂ ᠬᠠᠤᠯᠢᠵᠢᠯ ᠤᠨ ᠬᠦᠴᠦᠨ ᠢᠶᠠᠷ ᠭᠠᠳᠠᠭᠰᠢ ᠨᠡᠭᠡᠭᠡᠯᠲᠡ ᠬᠢᠬᠦ ᠡᠭᠦᠳᠡ ᠪᠠᠨ ᠥᠷᠭᠡᠳᠬᠡᠵᠦ᠂ ᠬᠠᠤᠯᠢᠵᠢᠯ ᠤᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠦᠩᠬᠡ ᠪᠣᠯᠭᠠᠪᠠ᠃ ᠡᠭᠦᠨ ᠤ ᠬᠠᠮᠲᠤ ᠪᠠᠰᠠ 13 ᠰᠢᠯᠢᠳᠡᠭ ᠬᠠᠤᠯᠢ ᠴᠠᠭᠠᠵᠠ ᠶᠢᠨ ᠮᠡᠷᠭᠡᠨ ᠬᠥᠮᠦᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃      ᠮᠠᠨ ᠤ ᠬᠤᠲᠠ ᠨᠢ ᠮᠣᠩᠭᠤᠯ ᠳᠤ ᠨᠡᠭᠡᠭᠡᠯᠲᠡ ᠬᠢᠬᠦ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠲᠠ ᠶᠢᠨ ᠡᠯ᠎ᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠢᠭᠡᠴᠡ ᠠᠵᠢᠯᠯᠠᠭ᠎ᠠ ᠥᠷᠨᠢᠭᠦᠯᠬᠦ ᠠᠵᠠ ᠲᠣᠬᠢᠶᠠᠯ ᠢ ᠠᠰᠢᠭᠯᠠᠨ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠢᠯᠢ ᠬᠢᠵᠠᠭᠠᠷ ᠤᠨ ᠪᠣᠭᠤᠮᠲᠠ ᠶᠢᠨ ᠺᠠᠳ᠋ᠷ ᠣᠯᠠᠨ ᠲᠦᠮᠡᠨ ᠪᠠ ᠬᠢᠯᠢ ᠪᠠᠷ ᠣᠷᠣᠵᠤ ᠭᠠᠷᠬᠤ ᠬᠥᠮᠦᠰ ᠤᠨ ᠬᠠᠤᠯᠢ ᠪᠠᠷ ᠵᠠᠰᠠᠬᠤ ᠤᠬᠠᠮᠰᠠᠷ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号