ᠬᠦᠳᠡᠭᠡ ᠲᠣᠰᠬᠤᠨ ᠳᠤ ᠵᠢᠮᠢᠰ ᠨᠣᠭᠤᠭ᠎ᠠ ᠦᠨᠦᠷ ᠬᠠᠩᠬᠤᠯᠤᠨ᠎ᠠ︕ ᠰᠠᠶᠢᠬᠤᠰᠦ ᠭᠠᠴᠠᠭᠠᠨ ᠤ ᠵᠢᠭᠤᠯᠴᠢᠯᠠᠵᠤ ᠲᠡᠭᠦᠬᠦ ᠤᠯᠠᠷᠢᠯ ᠪᠤᠯᠤᠯ᠎ᠠ
ᠨᠡᠶᠢᠲᠡᠯᠡᠭᠰᠡᠨ ᠴᠠᠭ᠄
2024/7/26
 
    7 ᠰᠠᠷ᠎ᠠ ᠶᠢᠨ 20 ᠤ ᠡᠳᠦᠷ᠂ ᠬᠦᠷ ᠬᠥᠭᠵᠢᠶᠡᠨ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠵᠢᠮᠢᠰ ᠨᠣᠭᠤᠭ᠎ᠠ ᠲᠡᠭᠦᠬᠦ ᠪᠠᠶᠠᠷ ᠰᠠᠶᠢᠬᠤᠰᠤ ᠭᠠᠴᠠᠭ᠎ᠠ ᠳᠤ ᠵᠣᠴᠢᠨ ᠤᠭᠲᠤᠵᠤ᠂ ᠴᠥᠭᠡᠨ ᠪᠤᠰᠤ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠵᠤᠨ ᠤ ᠤᠯᠠᠷᠢᠯ ᠤᠨ ᠦᠪᠡᠳᠡᠭᠰᠢ ᠨᠠᠶᠢᠷ ᠢ ᠬᠠᠮᠲᠤᠪᠠᠷ ᠡᠳ᠋ᠯᠡᠪᠡ᠃      ᠣᠳᠣᠬᠠᠨ ᠳᠤ ᠶᠠᠭ ᠮᠠᠨ ᠤ ᠬᠤᠲᠠ ᠶᠢᠨ ᠰᠠᠶᠢᠬᠤᠰᠦ ᠭᠠᠴᠠᠭᠠᠨ ᠤ ᠬᠠᠮᠤᠭ ᠤᠨ ᠭᠤᠶᠣ ᠤᠯᠠᠷᠢᠯ ᠪᠣᠯᠤᠨ᠎ᠠ᠃ ᠰᠢᠷᠭᠠᠭᠤ ᠬᠥᠯᠥᠰᠥ ᠪᠠᠷ ᠢᠶᠠᠨ ᠲᠠᠷᠢᠭᠰᠠᠨ ᠲᠠᠷᠢᠶ᠎ᠠ ᠪᠣᠯ ᠲᠡᠭᠦᠨ ᠤ ᠥᠩᠭᠡ ᠪᠠ ᠦᠨᠦᠷ ᠠᠮᠲᠠ ᠪᠠᠷ ᠢᠶᠠᠨ ᠬᠥᠳᠡᠭᠡ ᠲᠣᠰᠬᠤᠨ ᠤ ᠷᠢᠳᠢ ᠰᠢᠳᠢ ᠶᠢ ᠬᠠᠷᠠᠭᠤᠯᠵᠤ ᠪᠠᠶᠢᠳᠠᠭ᠃ ᠲᠡᠭᠦᠬᠦ ᠪᠠᠶᠠᠷ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠪᠣᠯᠤᠨ ᠲᠣᠰᠬᠤᠨ ᠤ ᠠᠷᠠᠳ ᠳᠠᠭᠤᠯᠠᠨ ᠪᠥᠵᠢᠭᠯᠡᠵᠦ᠂ ᠳᠠᠭᠤᠤ ᠪᠥᠵᠢᠭ ᠢᠶᠠᠷ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠳᠠᠮᠵᠢᠭᠤᠯᠵᠤ᠂ ᠲᠠᠩᠰᠤᠭ ᠰᠠᠶᠢᠬᠠᠨ ᠰᠣᠶᠣᠯ ᠤᠨ ᠠᠵᠢᠯᠯᠠᠭ᠎ᠠ ᠪᠠᠷ ᠨᠠᠢᠮᠠᠨ ᠵᠣᠪᠬᠢᠰ ᠤᠨ ᠵᠣᠴᠢᠳ ᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃       ᠡᠨᠡ ᠬᠦ ᠵᠤᠨ ᠤ ᠡᠳᠦᠷ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠬᠥᠳᠡᠭᠡ ᠲᠣᠰᠬᠤᠨ ᠤ ᠵᠤᠭᠠᠴᠠᠯ ᠢ ᠰᠡᠳᠬᠢᠯ ᠳᠡᠯᠪᠢᠨ ᠪᠠᠶᠢᠭᠤᠯᠵᠤ᠂ ᠨᠢᠭᠡ ᠰᠠᠷ᠎ᠠ ᠶᠢᠨ ᠬᠤᠭᠤᠴᠠᠭ᠎ᠠ ᠲᠠᠢ ᠵᠢᠮᠢᠰ ᠨᠣᠭᠤᠭ᠎ᠠ ᠶᠢᠨ ᠭᠤᠸ᠎ᠠ ᠰᠠᠶᠢᠬᠠᠨ ᠢ ᠰᠣᠩᠭᠤᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠤᠳᠬ᠎ᠠ ᠵᠣᠬᠢᠶᠠᠯ᠂ ᠬᠡᠷᠡᠯ ᠵᠢᠷᠤᠭ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠰᠣᠯᠪᠢᠴᠠᠭᠤᠯᠤᠨ ᠡᠷᠭᠢᠯᠡᠵᠦ᠂ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠬᠤᠲᠠ ᠶᠢᠨ ᠠᠷᠠᠳ ᠤᠨ ᠵᠤᠭᠠᠴᠠᠭᠰᠠᠳ ᠲᠠᠷᠢᠶᠠᠯᠠᠩ ᠤᠨ ᠬᠦᠷᠢᠶᠡᠯᠡᠩ ᠳᠤ ᠵᠢᠮᠢᠰ ᠨᠣᠭᠤᠭ᠎ᠠ ᠲᠡᠭᠦᠬᠦ᠂ ᠲᠤᠬᠠᠶ ᠶᠢᠨ ᠲᠠᠯᠠᠪᠤᠷ ᠲᠤ ᠨᠣᠭᠤᠭ᠎ᠠ ᠬᠤᠳᠠᠯᠳᠤᠨ ᠠᠪᠬᠤ᠂ ᠲᠠᠷᠢᠶᠠᠴᠢᠨ ᠠᠶᠢᠯ ᠤᠨ ᠠᠮᠲᠠᠲᠤ ᠢᠳᠡᠭᠡᠨ ᠢ ᠠᠮᠲᠠᠯᠠᠵᠤ ᠴᠢᠳᠠᠨ᠎ᠠ᠂ ᠦᠳᠡᠰᠢ ᠪᠣᠯᠬᠤ ᠳᠤ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠲᠤ ᠣᠳᠣᠨ ᠣᠭᠲᠠᠷᠭᠤᠶ ᠲᠠᠢ ᠬᠠᠨᠢ ᠪᠣᠯᠵᠤ᠂ ᠳᠦᠷᠪᠡᠯᠵᠢᠨ ᠬᠦᠷᠢᠶᠡᠨ ᠳᠤ ᠱᠣᠷᠯᠤᠭ ᠰᠢᠷᠠᠵᠤ᠂ ᠠᠮᠲᠠᠲᠤ ᠰᠠᠶᠢᠬᠠᠨ ᠦᠨᠦᠷ ᠢᠶᠠᠷ ᠭᠡᠷ ᠤᠨ ᠬᠥᠮᠦᠰ᠂ ᠨᠠᠶᠢᠵᠠ ᠨᠥᠬᠦᠳ ᠲᠠᠢ ᠪᠠᠨ ᠬᠠᠮᠲᠤ ᠬᠠᠯᠠᠭᠤᠨ ᠳᠤᠯᠠᠭᠠᠨ ᠵᠣᠯ ᠵᠢᠷᠭᠠᠯ ᠢ ᠡᠳ᠋ᠯᠡᠵᠦ ᠪᠠᠶᠢᠬᠤ ᠶᠢ ᠣᠶᠢᠯᠠᠭᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号