【 ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ 】 ᠡᠷᠢᠶᠡᠨ ᠬᠤᠲᠠ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠳᠡᠯᠮᠦᠷᠢ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/7/29
    7 ᠰᠠᠷ᠎ᠠ ᠶᠢᠨ 26 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠲᠤᠷᠠᠨ ᠵᠣᠬᠢᠶᠠᠨ ᠪᠠᠶᠢᠭᠤᠯᠤᠨ ᠥᠷᠨᠢᠭᠦᠯᠦᠭᠰᠡᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠳᠡᠯᠮᠦᠷᠢ ᠶᠢᠨ ᠤᠷᠤᠯᠳᠤᠭᠠᠨ ᠰᠦᠵᠢ ᠭᠠᠴᠠᠭ᠎ᠠ ᠶᠢᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠠᠶ ᠳᠤ ᠵᠢᠩᠬᠢᠨᠢ ᠪᠠᠷ ᠡᠬᠢᠯᠡᠪᠡ᠃
              ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ    ᠤᠷᠤᠯᠳᠤᠭᠠᠨ ᠨᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠣᠶᠢᠵᠢᠭᠤᠯᠵᠤ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠯᠢ ᠶᠢᠨ ᠭᠤᠣᠯ ᠠᠶᠢᠮᠠᠭ ᠤᠨ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠳᠠᠪᠬᠤᠷ ᠢᠨᠵᠧᠨᠧᠷᠢᠩ︾ ᠪᠠ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ 2024 ᠣᠨ ᠤ ᠮᠠᠨ ᠤ ᠬᠤᠲᠠ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠡᠭᠦᠷᠭᠡ 36.03 ᠲᠦᠮᠡᠨ ᠮᠦ ᠬᠠᠷᠠᠯᠲᠠ ᠶᠢᠨ ᠲᠣᠭᠤᠷᠢᠨ ᠳᠤ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠢᠨᠵᠧᠨᠧᠷᠢᠩ ᠤᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ᠂ ᠠᠳᠠᠯᠢᠳᠬᠠᠨ ᠰᠢᠨ᠎ᠡ ᠶᠢ ᠡᠭᠦᠳᠬᠦ᠂ ᠬᠢᠨᠠᠨ ᠬᠠᠮᠢᠶᠠᠷᠴᠤ ᠬᠠᠮᠠᠭᠠᠯᠠᠬᠤ᠂ ᠠᠳᠠᠯᠢᠳᠬᠠᠨ ᠵᠣᠬᠢᠶᠠᠨ ᠪᠠᠶᠢᠭᠤᠯᠵᠤ ᠬᠠᠮᠢᠶᠠᠷᠬᠤ ᠪᠠᠷ ᠭᠤᠣᠯ ᠠᠭᠤᠯᠭ᠎ᠠ ᠪᠣᠯᠭᠠᠭᠰᠠᠨ ᠬᠥᠳᠡᠯᠮᠦᠷᠢ ᠶᠢᠨ ᠤᠷᠤᠯᠳᠤᠭᠠᠨ ᠢ ᠥᠷᠨᠢᠭᠦᠯᠪᠡ᠃
  ᠨᠢᠭᠡᠳᠦᠭᠡᠷ ᠹᠷᠣᠨᠲ ᠤᠨ ᠠᠵᠢᠯᠴᠢᠨ ᠤ ᠠᠵᠢᠯ ᠤᠨ ᠲᠤᠬᠠᠢ ᠶᠢᠨ ᠲᠠᠯᠠᠪᠠᠢ    ᠤᠷᠤᠯᠳᠤᠭᠠᠨ ᠢ ᠡᠷᠬᠢᠯᠡᠭᠰᠡᠨ ᠨᠢ ᠤᠢ ᠰᠢᠭᠤᠢ ᠡᠪᠡᠰᠦ ᠪᠡᠯᠴᠢᠭᠡᠷ ᠤᠨ ᠨᠢᠭᠡᠳᠦᠭᠡᠷ ᠹᠷᠣᠨᠲ ᠤᠨ ᠥᠷᠭᠡᠨ ᠤᠯᠠᠨ ᠺᠠᠳ᠋ᠷ ᠠᠵᠢᠯᠳᠠᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠶᠡᠬᠡᠪᠡᠷ ᠬᠥᠭᠵᠢᠭᠡᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠨ ᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ ᠶᠤᠮ᠃
   ᠤᠷᠤᠯᠳᠤᠭᠠᠨ ᠨᠢ ᠢᠯᠡᠷᠡᠯ ᠢᠶᠠᠷ ᠲᠣᠪᠤᠶᠢᠮ᠎ᠠ ᠲᠡᠷᠢᠭᠦᠨ ᠤ ᠨᠢᠭᠡᠴᠡ᠂ ᠲᠡᠷᠢᠭᠦᠨ ᠤ ᠠᠩᠭᠢ ᠳᠤᠭᠤᠶᠢᠯᠠᠩ ︵ᠰᠠᠯᠠᠭ᠎ᠠ ᠲᠠᠰᠤᠭ︶ ᠢ ᠵᠠᠷᠯᠠᠨ ᠰᠠᠶᠢᠰᠢᠶᠠᠬᠤ ᠶᠢᠨ ᠬᠠᠮᠲᠤ ᠱᠠᠩᠨᠠᠯ ᠣᠯᠭᠤᠨ᠎ᠠ᠃    ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠥᠪᠥᠷ ᠮᠣᠩᠭᠤᠯ ᠠᠴᠠ ᠡᠷᠢᠶᠡᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠨᠠᠮ ᠤᠨ ᠡᠭᠦᠷ ᠤᠨ ᠱᠦᠵᠢ ᠶᠠᠩ ᠯᠸᠢ ᠬᠡᠯᠡᠬᠦ ᠳᠡᠭᠡᠨ᠄ ︽ᠪᠢᠳᠡ ᠬᠦᠴᠦᠷᠬᠡᠭᠵᠢᠨ ᠡᠷᠡᠯᠬᠡᠭᠯᠡᠨ ᠤᠷᠤᠭᠰᠢᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠬᠥᠳᠡᠯᠮᠦᠷᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠮᠠᠷᠠᠲᠤ ᠬᠢᠯᠢ ᠶᠢᠨ ᠨᠢᠭᠡᠳᠦᠭᠡᠷ ᠹᠷᠣᠨᠲ ᠲᠤ ᠦᠳᠲᠡᠷ ᠲᠦᠷᠭᠡᠨ ᠠᠵᠢᠯᠯᠠᠬᠤ ᠬᠠᠯᠠᠭᠤᠨ ᠥᠷᠨᠢᠯᠲᠡ ᠭᠠᠷᠭᠠᠵᠤ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠤᠨ᠎ᠠ︾ ᠭᠡᠵᠦ ᠬᠡᠯᠡᠪᠡ᠃
  ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ    ᠡᠨᠡ ᠬᠤᠭᠤᠴᠠᠭᠠᠨ ᠳᠤ᠂ ᠬᠠᠷᠢᠭᠤᠴᠠᠯᠭᠠᠲᠠᠨ ᠪᠠᠰᠠ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号