| ᠨᠤᠲᠤᠭ ᠪᠡᠯᠴᠢᠭᠡᠷ ᠤᠨ ᠰᠡᠷᠭᠦᠯᠲᠡ ᠪᠠ ᠴᠡᠴᠡᠭᠯᠡᠯᠲᠡ ᠶᠢ ᠠᠬᠢᠭᠤᠯᠬᠤ ᠶᠢᠨ ᠳᠣᠯᠠᠳᠠ᠂ ᠡᠷᠢᠶᠡᠨ ᠬᠤᠲᠠ | ᠨᠢ ᠲᠥᠪ ᠤᠨ ᠡᠳ᠋ ᠤᠨ ᠵᠠᠰᠠᠭ ᠤᠨ ᠳᠡᠮᠵᠢᠯᠭᠡ ᠲᠠᠢ ︽ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ | ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ︾ ᠢ | ᠢᠳᠡᠪᠬᠢᠲᠡᠶ ᠭᠤᠶᠣᠴᠢᠯᠠᠨ ᠣᠯᠪᠠ᠃ ᠡᠳᠦᠭᠡ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠲᠤᠬᠠᠶ | ᠳᠣᠤᠷᠠᠬᠢ ᠮᠡᠲᠦ ᠲᠣᠳᠣᠷᠬᠠᠶᠢᠯᠠᠶ᠎ᠠ᠃ | ᠨᠢᠭᠡ᠂ ᠲᠥᠷᠥᠯ ᠵᠦᠢᠯ ᠤᠨ ᠨᠡᠷᠡᠶᠢᠳᠦᠯ ᠵᠢᠴᠢ ᠪᠡᠯᠡ ᠣᠷᠣᠭᠤᠯᠤᠯᠲᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢᠨ ᠭᠤᠷᠪᠠᠨ ᠤᠮᠠᠷᠠᠲᠤ ᠶᠢᠨ | ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ | ᠲᠥᠷᠥᠯ ᠵᠦᠢᠯ︾ ᠂ ᠶᠡᠷᠦᠩᠬᠡᠶ ᠪᠠᠯᠠ ᠣᠷᠣᠭᠤᠯᠤᠯᠲᠠ ᠨᠢ 37688 ᠲᠦᠮᠡᠨ ᠲᠥᠭᠦᠷᠢᠭ ᠪᠣᠯᠤᠨ᠎ᠠ᠃ | ᠬᠤᠶᠠᠷ᠂ ᠬᠡᠷᠡᠭᠵᠢᠭᠦᠯᠬᠦ ᠬᠤᠭᠤᠴᠠᠭ᠎ᠠ | 2024 ᠣᠨ ᠤ 9 ᠰᠠᠷ᠎ᠠ ᠠᠴᠠ ᠡᠬᠢᠯᠡᠵᠦ᠂ 2026 ᠣᠨ ᠳᠤ ᠳᠠᠭᠤᠰᠣᠨ᠎ᠠ᠃ ᠡᠨᠡ | ᠬᠤᠭᠤᠴᠠᠭᠠᠨ ᠳᠤ ᠣᠯᠠᠨ ᠵᠠᠰᠠᠨ ᠰᠡᠷᠭᠦᠭᠡᠬᠦ ᠪᠠ ᠬᠠᠮᠠᠭᠠᠯᠠᠬᠤ ᠠᠵᠢᠯ ᠢ ᠬᠢᠬᠦ ᠪᠠᠷ ᠲᠥᠯᠥᠪᠯᠡᠵᠦ ᠪᠠᠶᠢᠨ᠎ᠠ᠃ | ᠭᠤᠷᠪᠠ᠂ ᠵᠠᠰᠠᠨ ᠴᠡᠭᠴᠡᠯᠡᠬᠦ ᠬᠦᠷᠢᠶ᠎ᠡ ᠬᠡᠪᠴᠢᠶ᠎ᠡ ᠵᠢᠴᠢ ᠲᠠᠯᠠᠪᠠᠢ | ᠲᠥᠷᠥᠯ ᠵᠦᠢᠯ ᠨᠢ ᠳᠥᠷᠪᠡᠨ ᠮᠠᠯᠵᠢᠬᠤ ᠭᠠᠴᠠᠭ᠎ᠠ ᠪᠠ ᠬᠤᠲᠠ ᠶᠢᠨ ᠳᠦᠬᠦᠷᠭᠡ ᠶᠢᠨ ᠣᠷᠴᠢᠨ ᠳᠣᠭᠤᠷᠢᠨ | ᠬᠤᠯᠪᠣᠭᠳᠠᠵᠤ᠂ ᠨᠡᠶᠢᠲᠡ 162.72 ᠲᠦᠮᠡᠨ ᠮᠥ ᠪᠠᠶᠢᠨ᠎ᠠ᠃ ᠡᠭᠦᠨ ᠳᠤ᠂ ᠳᠥᠷᠪᠡᠨ ᠮᠠᠯᠵᠢᠬᠤ ᠭᠠᠴᠠᠭ᠎ᠠ | ᠨᠡᠶᠢᠲᠡ 162.12 ᠲᠦᠮᠡᠨ ᠮᠤ᠋ ᠪᠠᠭᠳᠠᠵᠦ᠂ ᠬᠤᠲᠠ ᠶᠢᠨ ᠳᠦᠬᠦᠷᠭᠡ ᠶᠢᠨ ᠣᠷᠴᠢᠨ ᠳᠣᠭᠤᠷᠢᠨ ᠤ 0.6 | ᠲᠦᠮᠡᠨ ᠮᠤ᠋ ᠪᠠᠭᠳᠠᠨ᠎ᠠ᠃ | ᠳᠥᠷᠪᠡ᠂ ᠲᠥᠷᠥᠯ ᠵᠦᠢᠯ ᠤᠨ ᠠᠷᠭ᠎ᠠ ᠬᠡᠮᠵᠢᠶ᠎ᠡ | ᠨᠤᠲᠤᠭ ᠪᠡᠯᠴᠢᠭᠡᠷ ᠤᠨ ᠲᠠᠴᠢᠷᠳᠠᠭᠰᠠᠨ ᠪᠠᠶᠢᠳᠠᠯ ᠢ ᠦᠨᠳᠦᠰᠦᠯᠡᠨ ᠬᠠᠭᠠᠯᠪᠤᠷᠢᠯᠠᠬᠤ ᠦᠭᠡᠢ ᠪᠠᠷ ᠨᠥᠬᠦᠵᠦ | ᠲᠠᠷᠢᠬᠤ᠂ ᠪᠤᠷᠳᠤᠭᠤᠷ ᠣᠷᠣᠭᠤᠯᠬᠤ᠂ ᠪᠠᠶᠢᠭᠠᠯᠢᠯᠢᠭ ᠪᠤᠲᠠᠯᠢᠭ ᠮᠣᠳᠣᠨ ᠤ ᠨᠠᠮᠠᠭ᠎ᠠ ᠮᠦᠴᠢᠷ ᠢ ᠵᠠᠰᠠᠵᠦ ᠮᠦᠴᠢᠷᠯᠡᠬᠦ | ᠵᠡᠷᠭᠡ ᠨᠢᠭᠡ ᠵᠦᠢᠯ ᠤᠨ ᠪᠤᠶᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠣᠣᠷᠯᠢᠭ ᠬᠦᠷᠢᠶ᠎ᠡ | ᠬᠡᠷᠡᠰᠬᠡ ᠤᠭᠰᠠᠷᠠᠨ᠎ᠠ᠃ | ᠲᠠᠪᠤ᠂ ᠬᠠᠮᠢᠶᠠᠷᠤᠨ ᠬᠠᠮᠠᠭᠠᠯᠠᠬᠤ ᠱᠠᠭᠠᠷᠳᠠᠯᠭ᠎ᠠ ᠵᠢᠴᠢ ᠠᠰᠢᠭ ᠣᠷᠣᠯᠭ᠎ᠠ | ᠲᠥᠷᠥᠯ ᠵᠦᠢᠯ ᠤᠨ ᠣᠷᠣᠨ ᠤ ᠪᠦᠲᠦᠮᠵᠢᠲᠡᠶ ᠬᠠᠮᠢᠶᠠᠷᠤᠯᠲᠠ ᠶᠢ ᠪᠠᠲᠤᠯᠠᠬᠤ ᠶᠢᠨ ᠲᠤᠰᠠᠳᠠ᠂ ︽ᠬᠡᠨ | ᠬᠠᠮᠢᠶᠠᠷᠴᠤ ᠬᠠᠮᠠᠭᠠᠯᠠᠪᠠᠯ᠂ ᠬᠡᠨ ᠠᠰᠢᠭ ᠭᠥᠷᠳᠡᠬᠦ︾ ᠵᠠᠷᠴᠢᠮ ᠢ ᠬᠡᠷᠡᠭᠵᠢᠬᠦᠯᠵᠦ᠂ ᠭᠤᠤᠯᠳᠠᠭᠤ ᠮᠠᠯᠵᠢᠬᠤ ᠡᠷᠦᠬᠡ | ᠥᠪᠡᠰᠦᠪᠡᠨ ᠬᠠᠷᠢᠭᠤᠴᠠᠨ᠎ᠠ᠃ ᠬᠠᠮᠢᠶᠠᠷᠤᠨ ᠬᠠᠮᠠᠭᠠᠯᠠᠬᠤ ᠠᠵᠢᠯ ᠳᠤ ᠪᠡᠯᠴᠢᠭᠡᠷᠯᠡᠭᠦᠯᠬᠦ ᠶᠢ ᠵᠣᠭᠰᠣᠭᠠᠬᠤ ︵5 | ᠵᠢᠯ ᠤᠨ ᠬᠤᠭᠤᠴᠠᠭ᠎ᠠ︶᠂ ᠬᠦᠷᠢᠶ᠎ᠡ ᠬᠠᠰᠢᠶ᠎ᠠ ᠰᠠᠯᠪᠢᠨ ᠵᠠᠰᠠᠬᠤ ᠪᠠ ᠭᠠᠯ ᠢ ᠰᠡᠷᠭᠡᠶᠢᠯᠡᠬᠦ ᠵᠡᠷᠭᠡ ᠠᠭᠤᠯᠭ᠎ᠠ ᠶᠢ | ᠪᠠᠭᠲᠠᠭᠠᠨ᠎ᠠ᠃ ᠬᠢᠷᠢ ᠲᠡᠩᠴᠡᠭᠰᠡᠨ ᠬᠠᠮᠢᠶᠠᠷᠤᠨ ᠬᠠᠮᠠᠭᠠᠯᠠᠭᠴᠢ ᠵᠢᠯ ᠪᠦᠷᠢ ᠮᠥ ᠪᠦᠷᠢ ᠠᠴᠠ 12 ᠲᠥᠭᠦᠷᠢᠭ ᠤᠨ | ᠬᠠᠮᠢᠶᠠᠷᠤᠨ ᠬᠠᠮᠠᠭᠠᠯᠠᠬᠤ ᠰᠦᠢᠳᠬᠡᠯ ᠤᠨ ᠣᠷᠣᠯᠭ᠎ᠠ ᠶᠢ ᠣᠯᠵᠤ᠂ ᠬᠤᠯᠠᠭᠠᠶᠢᠯᠠᠨ ᠮᠠᠯᠵᠢᠬᠤ ᠪᠠ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠡᠪᠳᠡᠵᠦ ᠰᠦᠢᠳᠬᠡᠭᠰᠡᠨ ᠦᠢᠯᠡ ᠠᠵᠢᠯᠯᠠᠭ᠎ᠠ ᠪᠠᠶᠢᠪᠠᠯ ᠵᠣᠭᠤᠰ | ᠣᠯᠭᠤᠬᠤ ᠥᠬᠡᠶ᠃ | ᠵᠢᠷᠭᠤᠭ᠎ᠠ᠂ ᠮᠡᠳᠡᠭᠦᠯᠬᠦ ᠬᠡᠯᠪᠡᠷᠢ | ᠲᠥᠷᠥᠯ ᠵᠦᠢᠯ ᠤᠨ ᠵᠠᠰᠠᠨ ᠴᠡᠭᠴᠡᠯᠡᠯᠳᠠ ᠶᠢᠨ ᠬᠦᠷᠢᠶ᠎ᠡ ᠬᠡᠪᠴᠢᠶ᠎ᠡ ᠬᠢᠵᠠᠭᠠᠷ ᠲᠠᠢ ᠠᠴᠠ ᠪᠣᠯᠵᠤ᠂ | ᠮᠠᠯᠵᠢᠬᠤ ᠡᠷᠦᠬᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠ ᠬᠠᠪᠰᠤᠷᠬᠤ ᠶᠢ | ᠢᠳᠡᠪᠬᠢᠲᠡᠢ ᠰᠠᠨᠠᠭᠠᠴᠢᠯᠠᠨ ᠵᠣᠷᠢᠭᠵᠢᠭᠤᠯᠬᠤ ᠶᠢᠨ ᠳᠣᠯᠠᠳᠠ᠂ ᠲᠤᠰ ᠲᠥᠷᠥᠯ ᠵᠦᠢᠯ ᠳᠤ ᠮᠠᠯᠵᠢᠬᠤ ᠡᠷᠦᠬᠡ ᠶᠢᠨ | ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠄ | 1. ᠮᠠᠯᠵᠢᠬᠤ ᠡᠷᠦᠬᠡ 8 ᠰᠠᠷ᠎ᠠ ᠶᠢᠨ 8 ᠤ ᠡᠳᠦᠷ ᠠᠴᠠ ᠡᠮᠦᠨ᠎ᠡ ᠭᠠᠴᠠᠭᠠᠨ ᠳᠤ ᠪᠠᠨ ᠲᠥᠷᠥᠯ ᠵᠦᠢᠯ ᠤᠨ ᠭᠠᠵᠠᠷ | ᠰᠢᠷᠣᠶ ᠶᠢᠨ ᠭᠤᠶᠤᠴᠢᠯᠠᠯ ᠢ ᠨᠠᠶᠢᠳᠠᠪᠤᠷᠢᠵᠢᠭᠤᠯᠬᠤ ᠬᠡᠷᠡᠭᠲᠡᠶ ︵ᠸᠢᠴᠠᠲ ᠢᠶᠠᠷ ᠳᠠᠮᠵᠢᠭᠤᠯᠤᠨ ᠭᠤᠶᠤᠴᠢᠯᠠᠬᠤ ᠪᠤᠶᠤ | ︽ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠰᠠᠨᠠᠮᠵᠢ ᠪᠢᠴᠢᠭ︾ ᠳᠡᠭᠡᠷ᠎ᠡ ᠭᠠᠷ ᠤᠨ ᠦᠰᠦᠭ ᠵᠢᠷᠤᠵᠤ ᠪᠣᠯᠤᠨ᠎ᠠ︶ | ︔ | 2. ᠭᠠᠴᠠᠭ᠎ᠠ ᠠᠴᠠ ᠸᠢᠴᠠᠲ ᠢᠶᠠᠷ ᠮᠡᠳᠡᠭᠦᠯᠦᠭᠰᠡᠨ ᠪᠤᠶᠤ ᠰᠠᠨᠠᠮᠵᠢ ᠪᠢᠴᠢᠭ ᠲᠤ ᠭᠠᠷ ᠤᠨ ᠥᠰᠥᠭ ᠵᠢᠷᠤᠭᠰᠠᠨ | ᠪᠠᠶᠢᠳᠠᠯ ᠢ ᠬᠤᠷᠢᠶᠠᠩᠭᠤᠶᠢᠯᠠᠨ ᠬᠠᠳᠠᠭᠠᠯᠠᠭᠰᠠᠨ ᠤ ᠳᠠᠷᠠᠭ᠎ᠠ᠂ ᠰᠣᠮᠣᠨ ᠤ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠵᠥᠪᠰᠢᠶᠡᠷᠡᠭᠦᠯᠬᠦ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠴᠠᠭ ᠲᠤᠬᠠᠶ ᠳᠤ ᠨᠢ | ᠬᠠᠷᠢᠭᠤ ᠲᠤᠰᠬᠠᠨ᠎ᠠ︔ | 3. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠮᠠᠯᠵᠢᠬᠤ ᠡᠷᠦᠬᠡ ᠶᠢᠨ ᠪᠠᠶᠢᠳᠠᠯ ᠢ ᠦᠨᠳᠦᠰᠦᠯᠡᠨ᠂ | ᠲᠥᠪᠯᠡᠷᠡᠭᠦᠯᠦᠨ ᠬᠡᠰᠡᠭᠴᠢᠯᠡᠬᠦ ᠵᠠᠷᠴᠢᠮ ᠢᠶᠠᠷ ᠲᠥᠷᠥᠯ ᠵᠦᠢᠯ ᠤᠨ ᠬᠤᠪᠢᠶᠠᠷᠢᠯᠠᠯᠲᠠ ᠶᠢᠨ ᠲᠥᠰᠦᠯ ᠢ ᠲᠣᠭᠲᠠᠭᠠᠨ᠎ᠠ᠃ | | 4. ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠳᠣᠯᠤᠭ᠎ᠠ᠂ ᠪᠤᠰᠤᠳ ᠵᠦᠢᠯ | 1. ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠶ ᠪᠤᠶᠤ ᠠᠪᠣᠭᠰᠠᠨ | ᠠᠷᠭ᠎ᠠ ᠬᠡᠮᠵᠢᠶ᠎ᠡ ᠨᠢ ᠬᠦᠴᠦᠨ ᠦᠭᠡᠶ ᠨᠢᠭᠡᠴᠡ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠨ ᠴᠡᠭᠴᠡᠯᠡᠬᠦ᠂ ᠵᠣᠭᠤᠰ ᠢᠶᠠᠷ ᠲᠣᠷᠭᠠᠬᠤ᠂ ᠤᠯᠤᠰ ᠤᠨ ᠥᠮᠴᠢᠯᠡᠯᠲᠦ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠡᠭᠡᠭᠦᠯᠦᠨ ᠬᠤᠷᠢᠶᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃ | 2. ᠨᠢᠭᠡᠨᠲᠡ ᠡᠯᠡᠰᠦᠷᠬᠡᠭᠵᠢᠭᠰᠡᠨ ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠬᠡᠷᠡᠭᠯᠡᠬᠦ ᠡᠷᠬᠡᠲᠦ ᠬᠥᠮᠦᠨ ᠪᠣᠯᠤᠨ | ᠮᠠᠯᠴᠢᠨ ᠲᠠᠷᠢᠶᠠᠴᠢᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ ᠲᠠᠢ | ᠬᠥᠮᠦᠨ ᠡᠷᠬᠡᠪᠰᠢ ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠭᠠᠵᠠᠷ ᠰᠢᠷᠣᠶ ᠶᠢᠨ ᠴᠢᠨᠠᠷᠵᠢᠯ ᠢ | ᠰᠠᠶᠢᠵᠢᠷᠠᠭᠤᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠷᠭ᠎ᠠ ᠬᠡᠮᠵᠢᠶ᠎ᠡ ᠠᠪᠤᠭᠰᠠᠨ | ᠦᠭᠡᠶ ᠠᠴᠠ ᠪᠣᠯᠵᠤ ᠭᠠᠵᠠᠷ ᠰᠢᠷᠣᠶ ᠶᠢ ᠬᠦᠨᠳᠦ ᠨᠣᠴᠢᠲᠠᠶ ᠡᠯᠡᠰᠦᠷᠬᠡᠭᠵᠢᠭᠦᠯᠦᠭᠰᠡᠨ ᠪᠣᠯ ᠣᠶ ᠰᠢᠭᠤᠶ ᠨᠤᠲᠤᠭ | ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠳᠣᠭᠳᠠᠭᠰᠠᠨ | ᠬᠤᠭᠤᠴᠠᠭᠠᠨ ᠳᠤ ᠵᠠᠰᠠᠭᠤᠯᠬᠤ ᠬᠡᠷᠡᠭᠲᠡᠶ︔ ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠬᠦᠨᠳᠦ ᠨᠣᠴᠢᠲᠠᠶ | ᠡᠯᠡᠰᠦᠷᠬᠡᠭᠵᠢᠭᠦᠯᠦᠭᠰᠡᠨ ᠪᠣᠯ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ | ᠡᠷᠬᠡ ᠶᠢ ᠬᠤᠷᠢᠶᠠᠨ ᠠᠪᠬᠤ ᠬᠡᠷᠡᠭᠲᠡᠶ᠃ | ᠮᠠᠨ ᠤ ᠬᠤᠲᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢᠨ | ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ | ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ︾ ᠪᠣᠯ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠳᠡᠭᠡᠳᠦ ᠴᠢᠨᠠᠷᠵᠢᠯᠳᠦ ᠬᠥᠭᠵᠢᠯᠲᠡ ᠶᠢ ᠠᠬᠢᠭᠤᠯᠬᠤ ᠪᠠ ᠡᠯᠡᠰᠦᠷᠭᠡᠭᠵᠢᠯ ᠶᠢ ᠰᠡᠷᠭᠡᠶᠢᠯᠡᠵᠦ ᠡᠯᠡᠰᠦ ᠶᠢ ᠵᠠᠰᠠᠭᠰᠠᠨ | ᠦᠷ᠎ᠡ ᠪᠦᠲᠦᠭᠡᠯ ᠢ ᠪᠠᠬᠢᠵᠢᠭᠦᠯᠬᠦ ᠵᠠᠩᠭᠢᠯᠠᠭ᠎ᠠ ᠶᠢᠨ ᠲᠥᠷᠥᠯ ᠵᠦᠢᠯ᠂ ᠮᠦᠨᠴᠦ ᠪᠥᠬᠦ ᠬᠤᠲᠠ ᠶᠢᠨ ᠮᠠᠯᠴᠢᠨ | ᠲᠦᠮᠡᠨ ᠤ ᠠᠮᠢᠵᠢᠷᠠᠯ ᠤᠨ ᠴᠢᠨᠠᠷ ᠴᠢᠨᠰᠠᠭ᠎ᠠ ᠪᠠ ᠢᠷᠡᠭᠡᠳᠦᠶ ᠶᠢᠨ ᠬᠥᠭᠵᠢᠯᠲᠡ ᠳᠤ ᠬᠤᠯᠪᠣᠭᠳᠠᠬᠤ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ᠪᠢᠳᠡ ᠬᠠᠮᠲᠤ ᠪᠠᠷ ᠪᠦᠯᠬᠦᠮᠳᠡᠨ ᠴᠢᠷᠮᠠᠶᠢᠪᠠᠯ ᠰᠠᠶ᠋ᠢ ᠥᠷᠢᠰᠥᠯᠳᠦᠭᠡᠨ ᠢ | ᠢᠯᠠᠨ ᠳᠠᠪᠠᠵᠤ ᠴᠢᠳᠠᠨ᠎ᠠ᠃ ᠮᠠᠯᠴᠢᠨ ᠳᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ | ᠢᠳᠡᠪᠬᠢᠲᠡᠢ ᠣᠷᠣᠯᠴᠠᠵᠤ᠂ ᠦᠵᠡᠰᠬᠦᠯᠡᠩᠲᠦ ᠰᠠᠶᠢᠬᠠᠨ ᠨᠣᠳᠤᠭ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠶᠢ | ᠴᠢᠩ ᠰᠡᠳᠬᠢᠯ ᠠᠴᠠ ᠪᠠᠨ ᠣᠷᠢᠶᠠᠯᠠᠵᠦ ᠪᠠᠶᠢᠨ᠎ᠠ᠃ | | | | | | ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | | ᠡᠷᠢᠶᠡᠨ ᠬᠤᠲᠠ ᠶᠢᠨ ᠭᠡᠷᠡᠯᠳᠦᠠᠣᠳᠦ ᠰᠤᠮᠤ | | 2024 ᠣᠨ ᠤ 7 ᠰᠠᠷ᠎ᠠ ᠶᠢᠨ 30 ᠤ ᠡᠳᠦᠷ |