| | | ᠬᠢᠯᠢ ᠶᠢᠨ ᠪᠣᠭᠤᠮᠲᠠ ᠶᠢ ᠰᠠᠬᠢᠵᠤ ᠤᠯᠤᠰ ᠣᠷᠣᠨ ᠢᠶᠠᠨ ᠬᠠᠮᠠᠭᠠᠯᠠᠵᠤ ᠨᠢᠭᠡ ᠭᠠᠵᠠᠷ ᠤᠨ ᠠᠮᠤᠷ ᠳᠦᠪᠰᠢᠨ ᠵᠣᠯ | ᠵᠢᠷᠭᠠᠯ ᠢ ᠬᠠᠮᠠᠭᠠᠯᠠᠶ᠎ᠠ᠃ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠨᠢ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠠᠭᠤᠰᠤᠯᠴᠠᠬᠤ ᠪᠠ ᠦᠢᠯᠡᠴᠢᠯᠡᠵᠦ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠮᠦᠰ ᠤᠨ ᠶᠠᠪᠤᠯᠴᠠᠭ᠎ᠠ ᠳᠤ ᠲᠥᠬᠦᠮ ᠦᠵᠡᠭᠦᠯᠵᠦ᠂ ᠠᠵᠤ ᠠᠬᠤᠶ ᠠᠷᠠᠯᠵᠢᠶᠠᠨ ᠤ | ᠬᠥᠭᠵᠢᠯᠲᠡ ᠶᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠳᠤ | ᠬᠦᠴᠦᠨ ᠨᠡᠮᠡᠷᠢᠯᠡᠵᠦ᠂ ᠪᠣᠭᠤᠮᠲᠠ ᠶᠢᠨ ᠠᠵᠤ ᠠᠬᠤᠶ ᠶᠢᠨ ᠴᠡᠴᠡᠭᠯᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ | ᠃ | ᠣᠨᠣᠪᠴᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠭᠤᠮᠲᠠ ᠪᠠᠷ ᠥᠩᠭᠡᠷᠡᠬᠦ ︽ᠲᠦᠷᠭᠡᠨ ᠵᠠᠮ︾ ᠢ ᠪᠣᠢ ᠪᠣᠯᠭᠠᠪᠠ᠃ | 6 ᠰᠠᠷ᠎ᠠ ᠶᠢᠨ 28 ᠤ ᠡᠳᠦᠷ ᠤᠨ 22 ᠴᠠᠭ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ | ᠵᠠᠮ ᠭᠡᠷᠡᠯ ᠳᠤᠸᠠᠯᠠᠵᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠪᠦᠷᠢᠯᠡᠭᠰᠡᠨ ᠲᠡᠭᠡᠭᠡᠪᠦᠷᠢ ᠶᠢᠨ ᠲᠡᠷᠭᠡ ᠬᠥᠰᠬᠡ ᠰᠦᠯᠵᠢᠯᠳᠦᠪᠡ᠃ | ᠡᠷᠢᠶᠡᠨ ᠬᠤᠲᠠ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠡᠳᠦᠷ ᠲᠤᠲᠤᠮ ᠤᠨ ᠠᠮᠢᠳᠤᠷᠠᠯ ᠤᠨ | ᠬᠡᠷᠡᠭᠰᠡᠯ ᠤᠨ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ᠂ ᠮᠠᠨ ᠤ ᠤᠯᠤᠰ ᠬᠢᠭᠡᠳ ︽ᠨᠢᠭᠡ ᠪᠦᠰᠡ | ᠨᠢᠭᠡ ᠵᠠᠮ︾ ᠳᠠᠭᠠᠤ ᠶᠢᠨ ᠭᠠᠵᠠᠷ ᠣᠷᠣᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠵᠦ ᠪᠠᠶᠢᠨ᠎ᠠ᠃ ᠡᠨᠡ ᠵᠢᠯ ᠤᠨ 4 ᠰᠠᠷ᠎ᠠ ᠶᠢᠨ 1 ᠤ ᠡᠳᠦᠷ᠂ ᠡᠷᠢᠶᠡᠨ ᠪᠣᠭᠤᠮᠲᠠ ᠳᠤ 6 ᠰᠠᠷ᠎ᠠ ᠶᠢᠨ | ᠬᠤᠭᠤᠴᠠᠭ᠎ᠠ ᠲᠠᠢ 24 ᠴᠠᠭ ᠤᠨ ᠪᠣᠭᠤᠮᠲᠠ ᠪᠠᠷ ᠥᠩᠭᠡᠷᠡᠬᠦ ᠵᠠᠭᠪᠤᠷ ᠢ ᠲᠤᠷᠰᠢᠨ ᠬᠡᠷᠡᠭᠵᠢᠭᠦᠯᠵᠦ᠂ ᠮᠣᠩᠭᠤᠯ ᠤᠯᠤᠰ ᠲᠤ | 24 ᠴᠠᠭ ᠤᠨ ᠪᠠᠷᠠᠭ᠎ᠠ ᠲᠡᠭᠡᠭᠡᠪᠦᠷᠢᠯᠡᠬᠦ ᠪᠣᠭᠤᠮᠲᠠ ᠪᠠᠷ ᠥᠩᠭᠡᠷᠡᠬᠦ ᠠᠩᠬᠠᠳᠠᠭᠴᠢ ᠵᠠᠰᠠᠮᠠᠯ ᠵᠠᠮ ᠤᠨ ᠪᠣᠭᠤᠮᠲᠠ ᠪᠣᠯᠪᠠ᠃ | ︽24 ᠴᠠᠭ ᠢᠶᠠᠷ ᠪᠣᠭᠤᠮᠲᠠ ᠪᠠᠷ ᠨᠡᠪᠳᠡᠷᠡᠬᠦ ᠶᠢ ᠬᠡᠷᠡᠭᠵᠢᠬᠦᠯᠦᠭᠰᠡᠨ ᠤ ᠳᠠᠷᠠᠭ᠎ᠠ᠂ ᠬᠢᠯᠢ ᠪᠠᠷ ᠣᠷᠣᠵᠤ ᠭᠠᠷᠬᠤ | ᠪᠠᠷᠠᠭᠠᠨ ᠤ ᠲᠡᠷᠭᠡ ᠥᠩᠭᠡᠷᠡᠭᠰᠡᠨ ᠳᠤ ᠳᠤᠮᠳᠠᠴᠢ ᠪᠠᠷ 700 ᠭᠠᠷᠤᠶ ᠪᠠᠶᠢᠵᠤ᠂ ᠨᠡᠮᠡᠭᠳᠡᠭᠡᠳ ᠣᠲᠣ 1100 ᠭᠠᠷᠤᠶ | ᠪᠣᠯᠵᠣ᠂ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠳᠠᠬᠢᠨ ᠳᠠᠪᠲᠠᠨ ᠰᠢᠨᠡᠳᠬᠡᠪᠡ︾᠃ ᠡᠷᠢᠶᠡᠨ ᠬᠤᠲᠠ ᠶᠢᠨ ᠬᠢᠯᠢ ᠪᠠᠷ | ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ ᠲᠠᠪᠤᠳᠤᠭᠠᠷ ᠠᠩᠬᠢ ᠶᠢᠨ | ᠤᠯᠤᠰ ᠲᠥᠷᠥ ᠶᠢᠨ ᠵᠢᠭᠠᠨ ᠵᠢᠯᠣᠭᠤᠳᠤᠭᠴᠢ ᠬᠠᠨ ᠶᠠ ᠺᠠᠢ ᠳᠠᠨᠢᠯᠴᠠᠭᠤᠯᠪᠠ᠃ | ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠪᠣᠯ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠦᠢᠯᠡᠴᠢᠯᠡᠬᠦ᠂ ᠬᠢᠯᠢ ᠶᠢᠨ ᠠᠷᠠᠯᠵᠢᠶᠠᠨ ᠤ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠬᠦ ᠶᠢᠨ ᠬᠠᠮᠤᠭ ᠤᠨ ᠬᠦᠴᠦᠲᠡᠶ | ᠭᠡᠷᠡᠴᠢ ᠮᠥᠨ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ ᠵᠠᠰᠠᠮᠠᠯ ᠵᠠᠮ ᠤᠨ | ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠳᠤ ᠨᠡᠶᠢᠲᠡ 12.2 ᠲᠦᠮᠡ ᠭᠠᠷᠤᠢ ᠲᠡᠷᠭᠡ ᠬᠥᠰᠬᠡ ᠶᠢ ᠰᠢᠯᠭᠠᠨ ᠪᠠᠶᠢᠴᠠᠭᠠᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 72% ᠢᠶᠠᠷ ᠨᠡᠮᠡᠭᠳᠡᠵᠦ᠂ ᠭᠠᠭᠴᠠ ᠡᠳᠦᠷ ᠤᠨ ᠬᠠᠮᠤᠭ ᠤᠨ ᠥᠨᠳᠥᠷ | ᠪᠠᠶᠢᠴᠠᠭᠠᠨ ᠰᠢᠯᠭᠠᠯᠲᠠ ᠨᠢ 1249 ᠲᠡᠷᠭᠡ ᠤᠳᠠᠭ᠎ᠠ ᠳᠤ ᠬᠦᠷᠴᠦ᠂ ᠪᠣᠭᠤᠮᠲᠠ ᠶᠢ ᠪᠠᠶᠢᠭᠤᠯᠤᠭᠰᠠᠨ ᠠᠴᠠ ᠨᠠᠰᠢᠬᠢ | ᠬᠠᠮᠤᠭ ᠤᠨ ᠥᠨᠳᠥᠷ ᠲᠡᠭᠡᠭᠡᠪᠦᠷᠢ ᠶᠢᠨ ᠬᠡᠮᠵᠢᠶ᠎ᠡ ᠪᠣᠯᠤᠭᠰᠠᠨ ᠪᠠᠶᠢᠨ᠎ᠠ᠃ | |