ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠶ ᠯᠢ ᠯᠢᠦᠢ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/9
  7 ᠰᠠᠷ᠎ᠠ ᠶᠢᠨ 4 ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠢ ᠯᠢ ᠯᠢᠦᠢ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠪᠠᠷ᠎ᠠ ᠪᠣᠯᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠵᠡᠷᠭᠡ ᠭᠠᠵᠠᠷ ᠲᠤ ᠬᠦᠷᠴᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠠᠵᠢᠯᠯᠠᠭ᠎ᠠ ᠵᠢᠴᠢ ᠮᠠᠨ ᠤ ᠬᠤᠲᠠ ᠶᠢᠨ ᠠᠵᠤ ᠦᠢᠯᠡᠰ ᠤᠨ ᠪᠤᠶᠢᠵᠢᠯᠲᠠ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠬᠤᠲᠠ ᠶᠢᠨ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ︾ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠢᠨᠵᠢᠯᠡᠨ ᠪᠠᠶᠢᠴᠠᠭᠠᠵᠤ ᠰᠤᠷᠤᠯᠴᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ᠂ ᠡᠷᠢᠶᠡᠨ ᠬᠤᠳᠠ ᠪᠣᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠮᠥᠨ᠂ ᠬᠥᠭᠵᠢᠯᠲᠡ ᠶᠢᠨ ᠨᠥᠬᠦᠴᠡᠯ ᠰᠠᠶᠢᠨ᠂ ᠳᠠᠪᠠᠭᠤᠯᠢᠭ ᠲᠤᠪᠤᠶᠢᠮ᠎ᠠ ᠪᠠᠶᠢᠵᠤ᠂ ᠭᠦᠨ ᠵᠤᠵᠠᠭᠠᠨ ᠰᠠᠭᠤᠷᠢ ᠪᠠ ᠢᠯᠡ ᠲᠣᠳᠣ ᠣᠨᠴᠠᠯᠢᠭ ᠲᠠᠢ ᠪᠣᠭᠤᠮᠲᠠ ᠶᠢᠨ ᠬᠤᠳᠠ ᠮᠥᠨ᠃ ᠤᠯᠠᠭᠠᠨᠬᠠᠳᠠ ᠪᠣᠯ ᠥᠪᠥᠷ ᠮᠣᠩᠭᠤᠯ ᠤᠨ ᠬᠥᠮᠦᠨ ᠠᠮᠠ ᠶᠢᠨ ᠳᠤᠭ᠎ᠠ ᠪᠠᠷ ᠬᠠᠮᠤᠭ ᠣᠯᠠᠨ ᠪᠣᠯᠬᠤ ᠲᠣᠮᠣ ᠬᠤᠲᠠ ᠪᠠᠶᠢᠵᠤ᠂ ᠠᠵᠤ ᠦᠢᠯᠡᠰ ᠤᠨ ᠪᠦᠲᠦᠴᠡ ᠲᠡᠭᠦᠯᠳᠡᠷ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ ᠪᠠᠶᠢᠳᠠᠭ᠃ ᠬᠤᠶᠢᠰᠢᠳᠠ᠂ ᠬᠤᠶᠠᠷ ᠬᠤᠲᠠ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠯᠢ ᠬᠢᠵᠠᠭᠠᠷ ᠣᠷᠣᠨ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠠᠷᠢᠯᠴᠠᠨ ᠲᠤᠯᠭᠠᠭᠤᠷᠢᠯᠠᠭᠰᠠᠨ᠂ ᠬᠠᠷᠢᠯᠴᠠᠨ ᠠᠬᠢᠭᠤᠯᠤᠭᠰᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠭᠰᠠᠨ ᠬᠠᠮᠵᠢᠯᠴᠠᠨ ᠬᠥᠭᠵᠢᠬᠦ ᠪᠠᠶᠢᠷᠢᠰᠢᠯ ᠢ ᠪᠦᠬᠦ ᠲᠠᠯ᠎ᠠ ᠪᠠᠷ ᠪᠦᠷᠢᠯᠳᠦᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号