| | ᠬᠢᠯᠢ ᠶᠢᠨ ᠪᠣᠭᠤᠮᠲᠠ ᠶᠢ ᠰᠠᠬᠢᠵᠤ ᠤᠯᠤᠰ ᠣᠷᠣᠨ ᠢᠶᠠᠨ ᠬᠠᠮᠠᠭᠠᠯᠠᠵᠤ ᠨᠢᠭᠡ ᠭᠠᠵᠠᠷ ᠤᠨ ᠠᠮᠤᠷ ᠳᠦᠪᠰᠢᠨ | ᠵᠣᠯ ᠵᠢᠷᠭᠠᠯ ᠢ ᠬᠠᠮᠠᠭᠠᠯᠠᠶ᠎ᠠ᠃ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠥᠷᠲᠡᠭᠡ ᠨᠢ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ︽ᠨᠢᠭᠡ ᠪᠦᠰᠡ | ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠬᠤ ᠪᠠ ᠦᠢᠯᠡᠴᠢᠯᠡᠵᠦ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ | ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ | ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠮᠦᠰ ᠤᠨ | ᠶᠠᠪᠤᠯᠴᠠᠭ᠎ᠠ ᠳᠤ ᠲᠥᠬᠦᠮ ᠦᠵᠡᠭᠦᠯᠵᠦ᠂ ᠠᠵᠤ ᠠᠬᠤᠶ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠂ ᠴᠢᠨᠠᠷ | ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠳᠤ ᠬᠦᠴᠦᠨ ᠨᠡᠮᠡᠷᠢᠯᠡᠵᠦ᠂ | ᠪᠣᠭᠤᠮᠲᠠ ᠶᠢᠨ ᠠᠵᠤ ᠠᠬᠤᠶ ᠶᠢᠨ ᠴᠡᠴᠡᠭᠯᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ | ᠣᠨᠣᠪᠴᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠭᠤᠮᠲᠠ ᠪᠠᠷ ᠥᠩᠭᠡᠷᠡᠬᠦ ︽ᠲᠦᠷᠭᠡᠨ ᠵᠠᠮ︾ ᠢ ᠪᠣᠢ | ᠪᠣᠯᠭᠠᠪᠠ᠃ 6 ᠰᠠᠷ᠎ᠠ ᠶᠢᠨ 28 ᠤ ᠡᠳᠦᠷ ᠤᠨ 22 ᠴᠠᠭ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ | ᠪᠠᠷᠠᠭ᠎ᠠ ᠲᠡᠭᠡᠭᠡᠪᠦᠷᠢ ᠶᠢᠨ ᠵᠠᠮ ᠭᠡᠷᠡᠯ ᠳᠤᠸᠠᠯᠠᠵᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠪᠦᠷᠢᠯᠡᠭᠰᠡᠨ ᠲᠡᠭᠡᠭᠡᠪᠦᠷᠢ ᠶᠢᠨ | ᠲᠡᠷᠭᠡ ᠬᠥᠰᠬᠡ ᠰᠦᠯᠵᠢᠯᠳᠦᠪᠡ᠃ ᠡᠷᠢᠶᠡᠨ ᠬᠤᠲᠠ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ | ᠳᠡᠭᠡᠭᠰᠢᠬᠢ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠤᠨ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ | ᠡᠭᠦᠷᠭᠡᠯᠡᠵᠦ᠂ ᠮᠠᠨ ᠤ ᠤᠯᠤᠰ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠭᠠᠵᠠᠷ ᠣᠷᠣᠨ ᠤ | ᠠᠷᠠᠯᠵᠢᠶᠠᠨ ᠤ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ | ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠡᠨᠡ ᠵᠢᠯ ᠤᠨ 4 ᠰᠠᠷ᠎ᠠ ᠶᠢᠨ 1 ᠤ ᠡᠳᠦᠷ᠂ ᠡᠷᠢᠶᠡᠨ ᠪᠣᠭᠤᠮᠲᠠ ᠳᠤ 6 ᠰᠠᠷ᠎ᠠ ᠶᠢᠨ ᠬᠤᠭᠤᠴᠠᠭ᠎ᠠ ᠲᠠᠢ 24 | ᠴᠠᠭ ᠤᠨ ᠪᠣᠭᠤᠮᠲᠠ ᠪᠠᠷ ᠥᠩᠭᠡᠷᠡᠬᠦ ᠵᠠᠭᠪᠤᠷ ᠢ ᠲᠤᠷᠰᠢᠨ ᠬᠡᠷᠡᠭᠵᠢᠭᠦᠯᠵᠦ᠂ ᠮᠣᠩᠭᠤᠯ ᠤᠯᠤᠰ ᠲᠤ 24 ᠴᠠᠭ ᠤᠨ | ᠪᠠᠷᠠᠭ᠎ᠠ ᠲᠡᠭᠡᠭᠡᠪᠦᠷᠢᠯᠡᠬᠦ ᠪᠣᠭᠤᠮᠲᠠ ᠪᠠᠷ ᠥᠩᠭᠡᠷᠡᠬᠦ ᠠᠩᠬᠠᠳᠠᠭᠴᠢ ᠵᠠᠰᠠᠮᠠᠯ ᠵᠠᠮ ᠤᠨ ᠪᠣᠭᠤᠮᠲᠠ ᠪᠣᠯᠪᠠ᠃ | ︽24 ᠴᠠᠭ ᠢᠶᠠᠷ ᠪᠣᠭᠤᠮᠲᠠ ᠪᠠᠷ ᠨᠡᠪᠳᠡᠷᠡᠬᠦ ᠶᠢ ᠬᠡᠷᠡᠭᠵᠢᠬᠦᠯᠦᠭᠰᠡᠨ ᠤ ᠳᠠᠷᠠᠭ᠎ᠠ᠂ ᠬᠢᠯᠢ ᠪᠠᠷ ᠣᠷᠣᠵᠤ ᠭᠠᠷᠬᠤ | ᠪᠠᠷᠠᠭᠠᠨ ᠤ ᠲᠡᠷᠭᠡ ᠥᠩᠭᠡᠷᠡᠭᠰᠡᠨ ᠳᠤ ᠳᠤᠮᠳᠠᠴᠢ ᠪᠠᠷ 700 ᠭᠠᠷᠤᠶ ᠪᠠᠶᠢᠵᠤ᠂ ᠨᠡᠮᠡᠭᠳᠡᠭᠡᠳ ᠣᠲᠣ 1100 | ᠭᠠᠷᠤᠶ ᠪᠣᠯᠵᠣ᠂ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠳᠠᠬᠢᠨ ᠳᠠᠪᠲᠠᠨ ᠰᠢᠨᠡᠳᠬᠡᠪᠡ︾᠃ ᠡᠷᠢᠶᠡᠨ | ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ | ᠲᠠᠪᠤᠳᠤᠭᠠᠷ ᠠᠩᠬᠢ ᠶᠢᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠬᠠᠨ ᠶᠠ ᠺᠠᠢ ᠳᠠᠨᠢᠯᠴᠠᠭᠤᠯᠪᠠ᠃ | ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠪᠣᠯ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠦᠢᠯᠡᠴᠢᠯᠡᠬᠦ᠂ ᠬᠢᠯᠢ ᠶᠢᠨ ᠠᠷᠠᠯᠵᠢᠶᠠᠨ ᠤ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠬᠦ ᠶᠢᠨ | ᠬᠠᠮᠤᠭ ᠤᠨ ᠬᠦᠴᠦᠲᠡᠶ ᠭᠡᠷᠡᠴᠢ ᠮᠥᠨ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ | ᠂ ᠡᠷᠢᠶᠡᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠳᠤ ᠨᠡᠶᠢᠲᠡ 12.2 ᠲᠦᠮᠡ ᠭᠠᠷᠤᠢ ᠲᠡᠷᠭᠡ | ᠬᠥᠰᠬᠡ ᠶᠢ ᠰᠢᠯᠭᠠᠨ ᠪᠠᠶᠢᠴᠠᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 72% ᠢᠶᠠᠷ ᠨᠡᠮᠡᠭᠳᠡᠵᠦ᠂ | ᠭᠠᠭᠴᠠ ᠡᠳᠦᠷ ᠤᠨ ᠬᠠᠮᠤᠭ ᠤᠨ ᠥᠨᠳᠥᠷ ᠪᠠᠶᠢᠴᠠᠭᠠᠨ ᠰᠢᠯᠭᠠᠯᠲᠠ ᠨᠢ 1249 ᠲᠡᠷᠭᠡ ᠤᠳᠠᠭ᠎ᠠ ᠳᠤ ᠬᠦᠷᠴᠦ᠂ | ᠪᠣᠭᠤᠮᠲᠠ ᠶᠢ ᠪᠠᠶᠢᠭᠤᠯᠤᠭᠰᠠᠨ ᠠᠴᠠ ᠨᠠᠰᠢᠬᠢ ᠬᠠᠮᠤᠭ ᠤᠨ ᠥᠨᠳᠥᠷ ᠲᠡᠭᠡᠭᠡᠪᠦᠷᠢ ᠶᠢᠨ ᠬᠡᠮᠵᠢᠶ᠎ᠡ ᠪᠣᠯᠤᠭᠰᠠᠨ ᠪᠠᠶᠢᠨ᠎ᠠ | ᠃ | |