【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠡᠷᠢᠶᠡᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠳᠤᠨᠤᠨ ᠤ ᠬᠢ ᠠᠴᠠ ᠪᠠᠨ 21 ᠡᠳᠦᠷ ᠤᠷᠢᠳᠴᠢᠯᠠᠨ 2000 ᠴᠤᠪᠤᠭ᠎ᠠ ᠲᠡᠷᠭᠡ ᠶᠢ ᠳᠠᠪᠠᠪᠠ︕
ᠨᠡᠶᠢᠲᠡᠯᠡᠭᠰᠡᠨ ᠴᠠᠭ᠄
2024/8/1
   7 ᠰᠠᠷ᠎ᠠ ᠶᠢᠨ 29 ᠤ ᠡᠳᠦᠷ ᠤᠨ 11 ᠴᠠᠭ 16 ᠮᠢᠨᠦ᠋ᠲ ᠲᠤ᠂ 55 40 ᠹᠦᠲ ᠴᠢᠩᠭᠡᠯᠢᠭ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠠᠴᠠ ᠭᠠᠷᠴᠤ᠂ ᠧᠦ᠋ᠷᠣᠫᠠ ᠲᠢᠪ ᠤᠨ ᠠᠶᠠᠯᠠᠯ ᠢᠶᠠᠨ ᠡᠬᠢᠯᠡᠭᠦᠯᠪᠡ᠃    ᠣᠳᠣᠬᠠᠨ ᠪᠣᠯᠲᠠᠯ᠎ᠠ᠂ ᠡᠨᠡ ᠵᠢᠯ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ︾ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 2010 ᠴᠤᠪᠤᠭ᠎ᠠ ᠪᠣᠯᠵᠤ᠂ ᠨᠢᠳᠤᠨᠤᠨ ᠤ ᠤᠷᠢᠳᠴᠢᠯᠠᠨ 21 ᠡᠳᠦᠷ ᠠᠴᠠ 2000 ᠴᠤᠪᠤᠭ᠎ᠠ ᠲᠡᠷᠭᠡ ᠶᠢ ᠳᠠᠪᠠᠭᠰᠠᠨ ᠪᠠᠶᠢᠨ᠎ᠠ᠃    ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠲᠦᠷᠭᠡᠨ᠂ ᠲᠣᠭᠲᠠᠭᠤᠨ᠂ ᠨᠠᠶᠢᠳᠠᠪᠤᠷᠢᠲᠠᠢ ᠳᠠᠪᠠᠭᠤᠯᠢᠭ ᠢᠶᠠᠷ ᠢᠶᠠᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠳᠤᠮᠳᠠᠬᠢ ᠴᠢᠬᠤᠯᠠ ᠬᠠᠭᠤᠷᠠᠢ ᠵᠠᠮ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠪᠣᠯᠵᠠᠢ᠃ ᠣᠳᠣᠬᠠᠨ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠠᠶᠠᠯᠠᠯ ᠤᠨ ᠱᠤᠭᠤᠮ 71 ᠵᠣᠷᠪᠤᠰ᠂ 12 ᠤᠯᠤᠰ ᠤᠨ 72 ᠥᠷᠲᠡᠭᠡ ᠴᠡᠭ ᠪᠤᠶᠤ ᠬᠤᠲᠠ ᠳᠤ ᠬᠦᠷᠴᠦ᠂ ᠤᠯᠤᠰ ᠤᠨ ᠳᠣᠲᠣᠭᠠᠳᠤ ᠶᠢᠨ 24 ᠮᠤᠵᠢ ᠬᠤᠲᠠ ᠶᠢᠨ 64 ᠬᠤᠲᠠ ᠶᠢ ᠨᠥᠯᠥᠭᠡᠯᠡᠨ᠂ ᠪᠠᠷᠠᠭᠠᠨ ᠤ ᠲᠥᠷᠥᠯ ᠨᠢ ᠬᠥᠩᠭᠡᠨ ᠨᠡᠬᠡᠮᠡᠯ ᠤᠨ ᠦᠢᠯᠡᠳᠬᠦᠨ᠂  ᠡᠯᠧᠺᠲᠷᠦᠨ ᠴᠠᠬᠢᠯᠭᠠᠨ ᠬᠡᠷᠡᠭᠰᠡᠯ᠂ ᠮᠠᠰᠢᠨ ᠲᠡᠷᠭᠡᠨ ᠤ ᠰᠡᠯᠪᠢᠭ ᠲᠣᠨᠤᠭ᠂ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡ᠂ ᠡᠳᠦᠷ ᠲᠤᠲᠤᠮ ᠤᠨ ᠬᠡᠷᠡᠭᠰᠡᠯ ᠵᠡᠷᠭᠡ ᠶᠢ ᠬᠠᠮᠤᠷᠴᠤ ᠪᠠᠶᠢᠨ᠎ᠠ᠃    ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠶᠢᠨ ᠳᠣᠯᠠᠳᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠲᠠᠢ ᠬᠤᠯᠪᠣᠭᠠᠯᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠢᠯᠢ ᠶᠢᠨ ᠳᠣᠲᠣᠷᠠᠬᠢ᠂ ᠬᠢᠯᠢ ᠶᠢᠨ ᠭᠠᠳᠠᠨᠠᠬᠢ ᠵᠣᠬᠢᠴᠠᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠪᠣᠭᠤᠮᠲᠠ ᠲᠠᠢ ᠬᠤᠯᠪᠣᠭᠠᠯᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ︽ᠨᠢᠭᠡ ᠴᠣᠩᠬᠤᠪᠴᠢ ᠪᠠᠷ ᠭᠦᠢᠴᠡᠳᠬᠡᠬᠦ︾ ᠪᠠ ︽7 × 24 ᠴᠠᠭ︾ ᠤᠨ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠳᠡᠯᠭᠡᠷᠡᠭᠦᠯᠵᠦ᠂ ᠮᠣᠩᠭᠤᠯ ᠤᠯᠤᠰ ᠤᠨ ᠵᠠᠮ ᠤᠨ ᠡᠭᠦᠳᠡ ᠥᠷᠲᠡᠭᠡ ᠲᠠᠢ ᠬᠠᠮᠲᠤᠷᠠᠨ ︽ᠬᠤᠶᠠᠷ ᠥᠷᠲᠡᠭᠡ ᠶᠢ ᠨᠢᠭᠡ ᠴᠣᠭᠴᠠᠵᠢᠭᠤᠯᠤᠭᠰᠠᠨ︾ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠵᠦ᠂ ᠵᠢᠰᠢᠶᠠᠨ ᠤ ᠭᠠᠯᠲᠤ ᠲᠡᠷᠭᠡ ᠲᠠᠢ ᠬᠠᠮᠲᠤᠷᠠᠨ ᠠᠶᠠᠯᠠᠯ ᠤᠨ ᠬᠤᠭᠤᠴᠠᠭᠠᠨ ᠳᠤ ᠬᠦᠷᠴᠦ᠂ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠲᠥᠯᠥᠪᠯᠡᠭᠡ ᠶᠢ ᠨᠠᠷᠢᠯᠢᠭ ᠣᠨᠣᠴᠠᠲᠠᠶ ᠪᠠᠷ ᠲᠣᠭᠲᠠᠭᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠥᠬᠦ ᠶᠠᠪᠤᠴᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠ ᠲᠥᠬᠦᠮ ᠦᠵᠡᠭᠦᠯᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号