| 2024 ᠣᠨ ᠤ ᠳᠡᠭᠡᠷ᠎ᠡ ᠬᠠᠭᠠᠰ ᠵᠢᠯ ᠳᠤ᠂ ᠡᠷᠢᠶᠡᠨ ᠬᠤᠳᠠ ᠶᠢᠨ ᠪᠣᠭᠤᠮᠲᠠ ᠶᠢᠨ ᠪᠠᠷᠠᠭᠠᠨ ᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 222.6 ᠳ᠋ᠦᠩᠰᠢᠭᠤᠷ ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠪᠣᠭᠤᠮᠲᠠ ᠪᠠᠷ ᠣᠷᠣᠭᠤᠯᠵᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1034 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.1% ᠪᠠᠷ ᠨᠡᠮᠡᠭᠳᠡᠪᠡ᠃ ᠪᠣᠭᠤᠮᠲᠠ ᠶᠢᠨ ᠠᠷᠠᠯᠵᠢᠶᠠᠨ ᠤ ᠥᠷᠲᠡᠭ ᠪᠠ ᠪᠠᠷᠠᠭ᠎ᠠ | ᠲᠡᠭᠡᠭᠡᠪᠦᠷᠢᠯᠡᠬᠦ ᠬᠡᠮᠵᠢᠶ᠎ᠡ ᠴᠥᠮ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠥᠨᠳᠥᠷ ᠲᠤ ᠬᠦᠷᠴᠡᠢ᠃ | ᠡᠨᠡ ᠪᠣᠯ ᠨᠢᠭᠡᠨ ᠬᠤᠷᠴᠠ ᠭᠢᠷᠠᠬᠠᠢ ︽ᠣᠨ ᠤ ᠬᠠᠷᠢᠭᠤᠯᠲᠠ ᠶᠢᠨ ᠬᠠᠭᠤᠳᠠᠰᠤ︾ ᠮᠥᠨ᠂ ᠪᠠᠰᠠ ᠴᠤ ᠡᠷᠢᠶᠡᠨ | ᠬᠤᠳᠠ ᠶᠢᠨ ᠨᠡᠭᠡᠭᠡᠯᠲᠡᠲᠦ ᠬᠥᠭᠵᠢᠯᠲᠡ ᠶᠢᠨ ᠠᠮᠢᠳᠤᠯᠢᠭ ᠲᠠᠶᠢᠯᠪᠤᠷᠢ ᠮᠥᠨ᠃ | 2023 ᠣᠨ ᠤ 6 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠭᠠᠳᠠᠭᠠᠳᠤ | ᠨᠡᠭᠡᠭᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠬᠤᠯᠪᠣᠯᠳᠤᠭᠤᠯᠬᠤ ᠳᠤᠮᠳᠠ | ᠨᠠᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠡᠷᠢᠶᠡᠨ ᠬᠤᠲᠠ ᠶᠢᠨ ᠤᠯᠤᠰ ᠤᠨ ᠬᠠᠭᠠᠯᠭ᠎ᠠ | | ᠥᠪᠥᠷ ᠮᠣᠩᠭᠤᠯ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠢᠯᠥᠭᠡᠲᠦ ᠠᠷᠠᠯᠵᠢᠶᠠᠨ ᠤ | ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ 2024 ᠣᠨ ᠤ ᠨᠡᠬᠡᠬᠡᠯᠳᠡ ᠶᠢᠨ ᠠᠵᠢᠯ ᠤᠨ ᠲᠡᠷᠢᠭᠦᠨ ᠴᠢᠬᠤᠯᠠ | ᠶᠠᠪᠤᠳᠠᠯ ᠪᠣᠯᠭᠠᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ᠂ ᠨᠡᠬᠡᠬᠡᠯᠳᠡ ᠶᠢᠨ ᠲᠠᠪᠴᠠᠩ ᠤᠨ ᠴᠢᠳᠠᠮᠵᠢ | ᠳᠡᠰ ᠢ ᠳᠡᠭᠡᠭᠰᠢᠯᠡᠭᠦᠯᠬᠦ᠂ ᠳᠣᠲᠣᠷ ᠭᠠᠵᠠᠷ ᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠭᠲᠠᠭᠠᠮᠵᠢ ᠶᠢ ᠥᠷᠭᠡᠳᠬᠡᠬᠦ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠬᠡᠬᠡᠯᠳᠡ ᠶᠢᠨ ᠬᠠᠷᠠᠯᠲᠠ ᠶᠢ ᠪᠦᠬᠦ ᠲᠠᠯ᠎ᠠ ᠪᠠᠷ ᠥᠷᠭᠡᠳᠬᠡᠬᠦ | ᠬᠡᠷᠡᠭᠲᠡᠢ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠡᠮᠦᠨ᠎ᠡ ᠵᠠᠬ᠎ᠠ ᠪᠠ ᠴᠣᠩᠬᠤ ᠪᠣᠯᠤᠭᠰᠠᠨ ᠤ | ᠬᠤᠪᠢ ᠳᠤ᠂ ᠡᠷᠢᠶᠡᠨ ᠬᠤᠲᠠ ᠤᠯᠤᠰ ᠤᠨ ᠤᠮᠠᠷᠠᠰᠢ ᠨᠡᠭᠡᠭᠡᠯᠲᠡ ᠬᠢᠬᠦ ᠶᠡᠷᠦᠩᠬᠡᠶ ᠪᠠᠶᠢᠷᠢᠰᠢᠭᠤᠯᠤᠯᠲᠠ ᠳᠤ ᠭᠦᠨᠵᠡᠭᠡᠶ | ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠤᠮᠠᠷᠠᠰᠢ | ᠨᠡᠭᠡᠭᠡᠯᠲᠡ ᠬᠢᠬᠦ ᠪᠠᠬᠢᠯᠡᠯᠲᠡ ᠶᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠵᠤ᠂ ᠰᠢᠨ᠎ᠡ ᠰᠢᠪᠲᠤᠯᠤᠯᠲᠠ ᠲᠠᠢ ᠪᠣᠯᠪᠠ᠃ | | | | | ︽ᠤᠶᠤᠨᠲᠤ ᠪᠣᠭᠤᠮᠲᠠ︾ - ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ︽ᠬᠤᠷᠳᠤᠴᠠ ᠪᠠᠨ ᠲᠦᠷᠭᠡᠳᠬᠡᠬᠦ | ︾ | | 7 ᠰᠠᠷ᠎ᠠ ᠶᠢᠨ 15 ᠤ ᠡᠳᠦᠷ᠂ ᠠᠭᠤᠷ ᠤᠨ ᠱᠤᠤᠭᠢᠯ ᠤᠷᠲᠤ ᠳᠠᠭᠤᠨ ᠢ ᠳᠠᠭᠠᠯᠳᠤᠨ᠂ 55 ᠪᠦᠯᠦᠭ ᠴᠢᠩᠭᠡᠯᠢᠭ | ᠲᠡᠭᠡᠭᠡᠭᠰᠡᠨ 1291 ᠤᠳᠠᠭᠠᠨ ᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠡᠷᠢᠶᠡᠨ ᠬᠤᠲᠠ ᠶᠢᠨ ᠲᠡᠮᠦᠷ | ᠵᠠᠮ ᠤᠨ ᠪᠣᠭᠤᠮᠲᠠ ᠶᠢᠨ ᠪᠠᠷᠠᠭᠠᠨ ᠤ ᠲᠠᠯᠠᠪᠠᠢ ᠠᠴᠠ ᠭᠠᠷᠴᠤ᠂ ᠧᠦ᠋ᠷᠣᠫᠠ ᠲᠢᠪ ᠵᠦᠭ ᠶᠠᠪᠤᠬᠤ ᠲᠦᠮᠡᠨ ᠭᠠᠵᠠᠷ ᠤᠨ | ᠠᠶᠠᠯᠠᠯ ᠢᠶᠠᠨ ᠡᠬᠢᠯᠡᠭᠦᠯᠪᠡ᠃ | ᠡᠨᠡ ᠵᠢᠯ ᠠᠴᠠ ᠨᠠᠰᠢ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ 1832 ᠴᠤᠪᠤᠭ᠎ᠠ ᠪᠣᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠨᠥᠯᠥᠭᠡᠯᠡᠬᠦ ᠬᠡᠪᠴᠢᠶ᠎ᠡ ᠦᠷᠭᠦᠯᠵᠢᠯᠡᠨ ᠥᠷᠭᠡᠳᠪᠡ᠃ | | | | | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠬᠢᠯᠢ ᠪᠠᠷ ᠥᠩᠭᠡᠷᠡᠬᠦ ᠡᠷᠢᠶᠡᠨ ᠪᠣᠭᠤᠮᠲᠠ ᠶᠢᠨ | ᠪᠠᠶᠢᠴᠠᠭᠠᠨ ᠰᠢᠯᠭᠠᠬᠤ ᠶᠠᠪᠤᠴᠠ ᠳᠤ᠂ ᠣᠶᠤᠨᠲᠤ ᠬᠢᠯᠢ ᠶᠢᠨ ᠪᠠᠶᠢᠴᠠᠭᠠᠯᠲᠠ ᠶᠢᠨ ︽ᠡᠯᠧᠺᠲᠷᠣᠨ ᠬᠠᠷᠠᠭᠤᠯ︾ ᠤᠨ | ᠬᠡᠷᠡᠭᠯᠡᠯᠲᠡ ᠨᠢ ᠭᠠᠯᠲᠤ ᠲᠡᠷᠭᠡ ᠶᠢᠨ ︽ᠰᠡᠷᠡᠯ ᠦᠭᠡᠢ ᠮᠠᠶ᠋ᠢᠭ ᠢᠶᠠᠷ ᠪᠣᠭᠤᠮᠲᠠ ᠥᠩᠭᠡᠷᠡᠬᠦ︾ ᠶᠢ ᠪᠡᠶᠡᠯᠡᠭᠦᠯᠵᠦ᠂ | ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠥᠪᠡᠷ ᠤᠨ ᠦᠷᠳᠡᠭ ᠢ | ᠠᠷᠪᠢᠯᠠᠪᠠ᠃ | |