ᠡᠷᠢᠶᠡᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠭᠠᠳᠠᠭᠠᠳᠤ ᠶᠢᠨ ᠬᠠᠷᠢᠶ᠎ᠠ ᠲᠠᠢ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠬᠤ ᠠᠩᠭᠢ ᠶᠢᠨ ︽ᠰᠠᠭᠠᠳ ᠦᠭᠡᠢ︾ ᠬᠢᠯᠢ ᠳᠤ ᠣᠷᠣᠬᠤ ᠶᠢ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2024/8/1
    ᠣᠶᠢᠷ᠎ᠠ ᠳᠤ᠂ ᠭᠧᠷᠮᠠᠨ᠂ ᠰᠸᠢᠰ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠵᠡᠷᠭᠡ 7 ᠤᠯᠤᠰ ᠠᠴᠠ ᠢᠷᠡᠭᠰᠡᠨ ᠥᠪᠡᠷ ᠢᠶᠠᠨ ᠲᠡᠷᠭᠡ ᠵᠢᠯᠣᠭᠤᠳᠬᠤ ᠠᠩᠭᠢ ᠶᠢᠨ 12 ᠲᠡᠷᠭᠡ᠂ 21 ᠬᠥᠮᠦᠨ ᠡᠷᠢᠶᠡᠨ ᠪᠣᠭᠤᠮᠲᠠ ᠠᠴᠠ ᠬᠢᠯᠢ ᠳᠤ ᠣᠷᠣᠵᠤ ᠢᠷᠡᠵᠦ᠂ ᠮᠠᠨ ᠤ ᠤᠯᠤᠰ ᠤᠨ ᠬᠢᠯᠢ ᠳᠤ 40 ᠡᠳᠦᠷ ᠤᠨ ᠬᠤᠭᠤᠴᠠᠭ᠎ᠠ ᠲᠠᠢ ᠵᠤᠭᠠᠴᠠᠬᠤ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃    ᠲᠡᠷᠭᠡᠨ ᠠᠩᠭᠢ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠳᠠᠮᠵᠢᠨ ᠬᠢᠯᠢ ᠳᠤ ᠣᠷᠣᠪᠠ    ᠲᠤᠬᠠᠶ ᠶᠢᠨ ᠡᠳᠦᠷ ᠤᠨ ᠶᠠᠭ ᠰᠠᠶᠢᠬᠠᠨ ᠭᠠᠷᠠᠭ ᠤᠨ ᠰᠡᠭᠦᠯᠴᠢ ᠪᠣᠯᠬᠤ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠠᠷᠠᠳ ᠤᠨ ᠴᠠᠭᠳᠠᠭ᠎ᠠ ᠴᠠᠭ ᠲᠤᠬᠠᠶ ᠳᠤᠨᠢ ᠭᠠᠳᠠᠭᠠᠳᠤ ᠶᠢᠨ ᠮᠠᠰᠢᠨ ᠲᠡᠷᠭᠡᠨ ᠤ ᠠᠩᠭᠢ ᠶᠢᠨ ᠬᠥᠮᠦᠰ ᠤᠨ ᠰᠠᠭᠤᠭ᠎ᠠ ᠭᠠᠵᠠᠷ ᠲᠤ ᠬᠦᠷᠴᠦ᠂ ᠬᠢᠯᠢ ᠪᠠᠷ ᠣᠷᠣᠵᠤ ᠢᠷᠡᠭᠰᠡᠨ ᠲᠡᠷᠭᠡ ᠬᠥᠰᠬᠡ ᠨᠢᠭᠡᠪᠦᠷᠢ ᠳᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠮᠠᠰᠢᠨ ᠲᠡᠷᠭᠡᠨ ᠤ ᠬᠠᠮᠢᠶ᠎ᠠ ᠪᠥᠬᠦᠶ ᠭᠠᠷᠳᠠᠮ ᠢ ᠨᠠᠷᠢᠨ ᠨᠢᠮᠪᠠᠶ ᠪᠠᠶᠢᠴᠠᠭᠠᠨ ᠰᠢᠯᠭᠠᠵᠤ᠂ ᠭᠠᠳᠠᠭᠠᠳᠤ ᠶᠢᠨ ᠬᠠᠷᠢᠶ᠎ᠠ ᠲᠠᠢ ᠵᠤᠭᠠᠴᠠᠭᠰᠠᠳ ᠢ ᠬᠠᠪᠰᠤᠷᠤᠨ ᠲᠦᠷ ᠴᠠᠭ ᠤᠨ ᠵᠢᠯᠣᠭᠤᠴᠢ ᠶᠢᠨ ᠦᠨᠡᠮᠯᠡᠯ ᠪᠠ ᠲᠡᠷᠭᠡ ᠬᠥᠰᠬᠡ ᠶᠢᠨ ᠲᠦᠷ ᠴᠠᠭ ᠬᠢᠯᠢ ᠪᠠᠷ ᠣᠷᠣᠵᠤ ᠢᠷᠡᠬᠦ ᠫᠠᠶᠢᠰᠠ ᠦᠨᠡᠮᠯᠡᠯ ᠵᠡᠷᠭᠡ ᠭᠠᠷᠳᠠᠮ ᠢ ᠲᠦᠷᠭᠡᠨ ᠬᠦᠢᠴᠡᠳᠬᠡᠪᠡ᠃    ᠠᠷᠠᠳ ᠤᠨ ᠴᠠᠭᠳᠠᠭ᠎ᠠ ᠲᠦᠷ ᠴᠠᠭ ᠤᠨ ᠮᠠᠰᠢᠨ ᠲᠡᠷᠭᠡ ᠵᠢᠯᠣᠭᠤᠳᠬᠤ ᠵᠥᠪᠰᠢᠶᠡᠷᠡᠯ ᠤᠨ ᠦᠨᠡᠮᠯᠡᠯ ᠪᠠ ᠬᠢᠯᠢ ᠪᠠᠷ ᠲᠦᠷ ᠣᠷᠣᠵᠤ ᠢᠷᠡᠬᠦ ᠮᠠᠰᠢᠨ ᠲᠡᠷᠭᠡᠨ ᠤ ᠫᠠᠶᠢᠰᠠ ᠶᠢ ᠭᠦᠢᠴᠡᠳᠬᠡᠵᠦ᠂ ᠮᠠᠨ ᠤ ᠤᠯᠤᠰ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠭᠤᠯᠪᠠ᠃    ︽ᠲᠠ ᠨᠠᠷ ᠲᠤ ᠦᠨᠡᠬᠡᠷ ᠲᠠᠯᠠᠷᠬᠠᠵᠤ ᠪᠠᠶᠢᠨ᠎ᠠ᠂ ᠭᠠᠷᠠᠭ ᠤᠨ ᠰᠡᠭᠦᠯᠴᠢ ᠳᠤ ᠪᠠᠰᠠ ᠦᠢᠯᠡᠴᠢᠯᠡᠭᠡ ᠬᠠᠩᠭᠠᠵᠦ ᠪᠠᠶᠢᠨ᠎ᠠ᠂ ᠲᠠᠨᠠᠷ ᠪᠢᠳᠡᠨ ᠳᠤ ᠶᠡᠭᠡ ᠬᠦᠴᠢᠷ ᠠᠰᠠᠭᠤᠳᠠᠯ ᠢ ᠰᠢᠢᠳᠪᠣᠷᠢᠯᠡᠵᠦ ᠥᠭᠴᠡᠶ︾  ᠭᠡᠵᠦ ᠭᠠᠳᠠᠭᠠᠳᠤ ᠶᠢᠨ ᠵᠢᠭᠤᠯᠴᠢᠳ ᠲᠠᠯᠠᠷᠬᠠᠵᠤ ᠪᠠᠶᠢᠨ᠎ᠠ᠃    ᠡᠭᠦᠨ ᠤ ᠬᠠᠮᠲᠤ᠂ ᠠᠷᠠᠳ ᠤᠨ ᠴᠠᠭᠳᠠᠭ᠎ᠠ ᠪᠠᠰᠠ ᠭᠠᠳᠠᠭᠠᠳᠤ ᠶᠢᠨ ᠬᠠᠷᠢᠶᠠᠲᠤ ᠲᠡᠷᠭᠡᠨ ᠠᠩᠭᠢ ᠶᠢᠨ ᠵᠢᠯᠣᠭᠤᠴᠢ ᠳᠤ ᠮᠠᠨ ᠤ ᠤᠯᠤᠰ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠵᠠᠮ ᠨᠡᠪᠲᠡᠷᠡᠯᠭᠡ ᠶᠢᠨ ᠵᠠᠷᠴᠢᠮ ᠪᠠ ᠦᠷᠭᠦᠯᠵᠢ ᠲᠣᠬᠢᠶᠠᠯᠳᠤᠬᠤ ᠵᠠᠮ ᠬᠠᠷᠢᠯᠴᠠᠭᠠᠨ ᠤ ᠲᠡᠮᠳᠡᠭ᠂ ᠵᠠᠮ ᠬᠠᠷᠢᠯᠴᠠᠭᠠᠨ ᠤ ᠳᠣᠬᠢᠶ᠎ᠠ ᠵᠡᠷᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠮᠠᠨ ᠤ ᠤᠯᠤᠰ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠶᠢ ᠰᠠᠨᠠᠭᠤᠯᠪᠠ᠃    ᠠᠷᠠᠳ ᠤᠨ ᠴᠠᠭᠳᠠᠭ᠎ᠠ ᠲᠦᠷ ᠴᠠᠭ ᠤᠨ ᠮᠠᠰᠢᠨ ᠲᠡᠷᠭᠡ ᠵᠢᠯᠣᠭᠤᠳᠬᠤ ᠵᠥᠪᠰᠢᠶᠡᠷᠡᠯ ᠤᠨ ᠦᠨᠡᠮᠯᠡᠯ ᠪᠠ ᠬᠢᠯᠢ ᠪᠠᠷ ᠲᠦᠷ ᠣᠷᠣᠵᠤ ᠢᠷᠡᠬᠦ ᠮᠠᠰᠢᠨ ᠲᠡᠷᠭᠡᠨ ᠤ ᠫᠠᠶᠢᠰᠠ ᠶᠢ ᠭᠦᠢᠴᠡᠳᠬᠡᠵᠦ᠂ ᠮᠠᠨ ᠤ ᠤᠯᠤᠰ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠭᠤᠯᠪᠠ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号