【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠪᠦᠬᠦ ᠬᠤᠲᠠ ᠶᠢᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠬᠥᠭᠵᠢᠯᠲᠡ ᠶᠢ ᠠᠬᠢᠭᠤᠯᠬᠤ︾ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2024/8/12
     ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠶᠢ ᠨᠢ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠢ ᠨᠢ ᠨᠢᠭᠲᠠᠷᠠᠭᠤᠯᠤᠨ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠨᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠬᠥᠭᠵᠢᠯᠲᠡ ᠶᠢ ᠠᠬᠢᠭᠤᠯᠬᠤ︾ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠡᠷᠭᠢᠯᠡᠭᠰᠡᠨ ᠪᠥᠭᠡᠳ 8 ᠰᠠᠷ᠎ᠠ ᠶᠢᠨ 8 ᠤ ᠡᠳᠦᠷ ᠰᠢᠢᠳᠪᠦᠷᠢᠲᠦ ᠤᠷᠤᠯᠳᠤᠭᠠᠨ ᠶᠠᠪᠤᠭᠤᠯᠪᠠ᠃      ᠤᠷᠤᠯᠳᠤᠭᠠᠨ ᠳᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 23 ᠲᠥᠯᠥᠭᠡᠯᠡᠭᠴᠢᠳ ᠤᠨ ᠠᠩᠭᠢ ᠶᠢᠨ 92 ᠲᠠᠮᠢᠷᠴᠢᠨ ᠣᠷᠣᠯᠴᠠᠵᠤ᠂ ᠪᠠᠭ ᠪᠦᠷᠢ ᠳᠤ ᠴᠥᠮ 1 ᠪᠠᠭ ᠤᠨ ᠪᠦᠷᠢᠯᠳᠦᠬᠦᠨ ᠠᠩᠭᠢ ᠳᠠᠭᠠᠭᠤᠯᠤᠨ ᠤᠷᠤᠯᠳᠤᠭᠠᠨ ᠳᠤ ᠣᠷᠣᠯᠴᠠᠪᠠ᠃ ᠠᠩᠬᠠᠨ ᠤ ᠤᠷᠤᠯᠳᠤᠭᠠᠨ ᠢᠶᠠᠷ ᠳᠠᠮᠵᠢᠨ᠂ ᠨᠡᠶᠢᠲᠡ 8 ᠠᠩᠭᠢ ᠰᠢᠢᠳᠪᠦᠷᠢᠲᠦ ᠤᠷᠤᠯᠳᠤᠭᠠᠨ ᠳᠤ ᠣᠷᠣᠪᠠ᠃       ᠰᠢᠢᠳᠪᠦᠷᠢᠲᠦ ᠤᠷᠤᠯᠳᠤᠭᠠᠨ ᠳᠤ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠠᠶᠤᠯ ᠲᠦᠭᠰᠢᠭᠦᠷᠢ ᠶᠢᠨ ᠰᠡᠳᠦᠪ᠂ ᠨᠡᠮᠡᠯᠲᠡ ᠤᠷᠤᠯᠳᠤᠭᠠᠨ᠂ ᠲᠤᠬᠠᠢ ᠶᠢᠨ ᠲᠠᠯᠠᠪᠠᠢ ᠳᠤ ᠬᠠᠷᠢᠯᠴᠠᠨ ᠬᠥᠳᠡᠯᠦᠯᠴᠡᠬᠦ 5 ᠭᠤᠭᠴᠤᠭ᠎ᠠ ᠭᠠᠷᠭᠠᠵᠤ᠂ ᠰᠡᠳᠦᠪ ᠤᠨ ᠬᠡᠯᠪᠡᠷᠢ ᠶᠢᠨ ᠠᠭᠤᠯᠭ᠎ᠠ ᠪᠠᠶᠠᠯᠢᠭ᠂ ᠭᠤᠣᠯᠳᠠᠯᠭ᠎ᠠ ᠲᠤᠪᠤᠶᠢᠮ᠎ᠠ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠦᠷᠢᠮ᠂ ᠨᠠᠮ ᠤᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠪᠣᠭᠤᠮᠲᠠ ᠶᠢᠨ ᠬᠥᠭᠵᠢᠯᠲᠡ ᠶᠢᠨ ᠶᠡᠷᠦ ᠶᠢᠨ ᠮᠡᠳᠡᠯᠭᠡ ᠵᠡᠷᠭᠡ ᠬᠠᠮᠢᠶ᠎ᠠ ᠪᠦᠬᠦᠢ ᠮᠡᠳᠡᠯᠭᠡ ᠶᠢᠨ ᠴᠡᠭ ᠢ ᠬᠠᠮᠤᠷᠴᠠᠢ᠃      ᠲᠤᠬᠠᠶ ᠶᠢᠨ ᠲᠠᠯᠠᠪᠠᠶ ᠳᠤ᠂ ᠲᠠᠮᠢᠷᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠵᠠᠪᠳᠤᠨ ᠬᠠᠷᠢᠭᠤᠯᠬᠤ ᠭᠤᠭᠴᠤᠭ᠎ᠠ ᠳᠤ᠂ ᠡᠯ᠎ᠡ ᠲᠥᠯᠥᠭᠡᠯᠡᠭᠴᠢᠳ ᠤᠨ ᠠᠩᠭᠢ ᠴᠠᠭ ᠮᠥᠴᠡ ᠶᠢ ᠵᠠᠪᠳᠤᠨ ᠂ ᠬᠠᠷᠢᠯᠴᠠᠨ ᠤᠷᠤᠯᠳᠤᠵᠤ᠂ ᠤᠳᠠᠭ᠎ᠠ ᠳᠠᠷᠠᠭᠠᠯᠠᠨ ᠰᠢᠷᠦᠭᠦᠨ ᠰᠢᠷᠦᠭᠦᠨ ᠬᠠᠷᠢᠭᠤᠯᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠭᠤᠶᠢᠳᠠ ᠰᠠᠶᠢᠬᠠᠨ ᠤᠷᠤᠯᠳᠤᠭᠠᠨ ᠬᠦᠷᠭᠡᠵᠦ᠂ ᠪᠣᠭᠤᠮᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠶ ᠪᠠᠷ ᠤᠷᠤᠭᠰᠢᠯᠠᠨ ᠳᠠᠪᠰᠢᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠪᠠᠴᠢᠮ ᠰᠢᠷᠦᠭᠦᠨ ᠲᠡᠮᠡᠴᠡᠯ ᠢᠶᠠᠷ ᠳᠡᠮᠵᠢᠨ᠂ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠲᠥᠯᠥᠭᠡᠯᠡᠭᠴᠢᠳ ᠤᠨ ᠠᠩᠭᠢ ᠡᠴᠦᠰ ᠲᠡᠭᠡᠨ ᠲᠣᠰ ᠤᠳᠠᠭᠠᠨ ᠤ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠡᠷᠬᠢᠯᠡᠭᠰᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ ᠮᠥᠷᠲᠡᠭᠡᠨ ᠪᠠᠰᠠ ᠴᠤ ᠨᠠᠮ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠤᠬᠡᠨ ᠬᠤᠪᠢ ᠨᠡᠮᠡᠷᠢ ᠶᠢᠨ ᠲᠤᠬᠠᠶ ᠨᠢᠭᠡ ᠤᠳᠠᠭᠠᠨ ᠤ ᠭᠦᠨᠵᠡᠭᠡᠶ ᠡᠷᠭᠢᠴᠡᠭᠦᠯᠦᠯ ᠪᠣᠯᠤᠨ᠎ᠠ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠬᠡᠷᠡᠭᠯᠡᠯᠲᠡ ᠶᠢ ᠠᠬᠢᠭᠤᠯᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠵᠣᠷᠢᠯᠭ᠎ᠠ ᠳᠤ ᠬᠦᠷᠴᠦ᠂ ᠪᠣᠭᠤᠮᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠣᠭ ᠰᠠᠨᠠᠭ᠎ᠠ ᠪᠠᠨ ᠦᠶ᠋ᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠪᠣᠭᠤᠮᠲᠠ ᠶᠢᠨ ᠡᠯ᠎ᠡ ᠵᠦᠶ᠋ᠯ ᠤᠨ ᠠᠵᠢᠯ ᠤᠨ ᠴᠢᠨᠠᠷ ᠰᠠᠶᠢᠲᠠᠶ ᠥᠷᠨᠢᠬᠦ ᠶᠢ ᠳᠥᠯᠭᠢᠨ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号