ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠳᠠᠷᠤᠭ᠎ᠠ ᠹᠦ᠋ ᠰᠢᠶᠤᠤ ᠯᠠᠶ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/12
    8 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠹᠦ᠋ ᠰᠢᠶᠤᠤ ᠨᠠᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃
   ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠥᠪ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠪᠠᠢ ᠬᠤᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠶᠢ ᠦᠵᠡᠬᠦ᠂ ᠲᠠᠶᠢᠯᠤᠮᠵᠢ ᠶᠢ ᠰᠣᠨᠣᠰᠬᠤ᠂ ᠪᠠᠶᠢᠳᠠᠯ ᠢ ᠠᠰᠠᠭᠤᠬᠤ ᠪᠠᠷ ᠳᠠᠮᠵᠢᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠢᠯᠢ ᠶᠢᠨ ᠠᠷᠠᠯᠵᠢᠶ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号