ᠡᠨᠡ ᠵᠢᠯ ᠤᠨ ᠲᠦᠷᠦᠭᠦᠤ 7 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 263.45 ᠳ᠋ᠦᠩᠰᠢᠭᠤᠷ ᠲᠥᠭᠦᠷᠢᠭ ᠲᠤ ᠬᠦᠷᠴᠡᠶ
ᠨᠡᠶᠢᠲᠡᠯᠡᠭᠰᠡᠨ ᠴᠠᠭ᠄
2024/8/12
    ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 7 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 263.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ︔ ᠡᠭᠦᠨ ᠳᠤ ᠭᠠᠳᠠᠭᠠᠳᠤ ᠣᠷᠣᠭᠤᠯᠤᠯᠲᠠ 129.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠠᠰᠴᠤ᠂ ᠭᠠᠳᠠᠭᠠᠳᠤ ᠭᠠᠷᠭᠠᠯᠲᠠ 133.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠪᠡ᠃     ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠡᠯᠡᠰᠦ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ ᠪᠣᠭᠤᠮᠲᠠ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃     ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︽ᠭᠠᠭᠴᠠ ᠴᠣᠩᠬᠤᠪᠴᠢ︾ ᠪᠠᠷ ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ ᠳᠥᠲᠡ ᠴᠢᠳᠠᠮᠵᠢ ᠶᠢ ᠭᠦᠢᠴᠡᠳ ᠠᠭᠤᠳᠠᠯᠵᠤ᠂ ︽ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ︾᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠶ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠡᠵᠦ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号