| | 8 ᠰᠠᠷ᠎ᠠ ᠶᠢᠨ 10 ᠤ ᠣᠷᠣᠶ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽ | ᠲᠦᠮᠡᠨ ᠭᠠᠵᠠᠷ ᠤᠨ ᠴᠠᠢ ᠶᠢᠨ ᠵᠠᠮ · ᠮᠢᠩᠭᠠᠨ ᠣᠨ ᠤ ᠤᠯᠠᠭ᠎ᠠ ᠥᠷᠲᠡᠭᠡ︾ ᠶᠢᠨ ᠶᠢᠰᠦᠳᠦᠭᠡᠷ ᠬᠤᠭᠤᠴᠠᠭᠠᠨ ᠤ ᠥᠪᠥᠷ | ᠮᠣᠩᠭᠤᠯ · ᠡᠷᠢᠶᠡᠨ ᠬᠤᠲᠠ ᠶᠢᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ | ᠠᠷᠪᠠᠨ ᠨᠠᠢᠮᠠᠳᠤᠭᠠᠷ ᠬᠤᠭᠤᠴᠠᠭᠠᠨ ᠤ ᠵᠣᠨ ᠢ ᠠᠷᠢᠯᠭᠠᠬᠤ ᠰᠣᠶᠣᠯ ᠤᠷᠠᠯᠢᠭ ᠤᠨ ᠨᠠᠶᠢᠷ ᠰᠣᠶᠣᠯ ᠤᠨ ᠲᠥᠪ ᠲᠤ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠪᠥᠬᠦ | ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠬᠠᠮᠲᠤ ᠲᠣᠭᠯᠠᠯᠲᠠ ᠶᠢ ᠰᠣᠨᠢᠷᠬᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠲᠦᠮᠡᠨ ᠭᠠᠵᠠᠷ ᠤᠨ ᠴᠠᠢ ᠶᠢᠨ ᠵᠠᠮ︾ ᠤᠨ ᠨᠠᠷᠠᠲᠤ ᠲᠥᠷᠥᠯ | ᠲᠡᠮᠳᠡᠭᠲᠦ ᠶᠢᠨ ᠰᠣᠶᠣᠯ ᠢᠶᠠᠷ ᠭᠤᠤᠯ ᠪᠣᠯᠭᠠᠵᠤ᠂ ︽ᠲᠦᠮᠡᠨ ᠭᠠᠵᠠᠷ ᠤᠨ ᠴᠠᠢ ᠶᠢᠨ ᠵᠠᠮ · ᠮᠢᠩᠭᠠᠨ ᠣᠨ ᠤ ᠥᠷᠲᠡᠭᠡ︾ | ᠪᠠᠷ ᠭᠤᠤᠯ ᠰᠡᠳᠦᠪ ᠪᠣᠯᠭᠠᠵᠤ᠂ ᠾᠧᠪᠸᠢ᠂ ᠱᠠᠨ ᠰᠢ᠂ ᠾᠧᠨᠠᠨ᠂ ᠬᠤᠪᠧᠶ᠂ ᠠᠨᠾᠦ᠋ᠢ᠂ ᠬᠤᠨᠠᠨ᠂ ᠵᠢᠶᠠᠩᠰᠢ᠂ | ᠹᠦᠵᠢᠶᠠᠨ ᠵᠡᠷᠭᠡ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠮᠤᠵᠢ ᠣᠷᠣᠨ ᠬᠠᠮᠲᠤ ᠪᠠᠷ ᠣᠷᠣᠯᠴᠠᠵᠤ᠂ ︽ | ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠰᠣᠶᠣᠯ ᠤᠨ ᠥᠪ ᠵᠢᠴᠢ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠪᠥᠬᠦ ᠲᠠᠯ᠎ᠠ ᠪᠠᠷ ᠳᠡᠯᠭᠡᠨ ᠦᠵᠡᠭᠦᠯᠪᠡ᠃ ᠡᠭᠦᠨ ᠤ ᠬᠠᠮᠲᠤ᠂ ᠮᠠᠨ ᠤ ᠬᠤᠲᠠ ᠵᠢᠴᠢ ᠲᠦᠮᠡᠨ ᠭᠠᠵᠠᠷ ᠤᠨ ᠴᠠᠢ ᠶᠢᠨ | ᠵᠠᠮ ᠤᠨ ᠵᠢᠭᠤᠯᠴᠢᠯᠠᠯ ᠤᠨ ᠰᠣᠶᠣᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠲᠠᠨᠢᠯᠴᠠᠭᠤᠯᠵᠤ᠂ ᠰᠣᠶᠣᠯ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ | ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ | ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠨᠢ ᠨᠢᠭᠡᠨᠲᠡ ᠣᠷᠣᠨ ᠤ ᠳᠣᠲᠣᠷᠠᠬᠢ ᠦᠨᠳᠦᠰᠦᠲᠡᠨ ᠤ ᠳᠠᠭᠤᠤ | ᠪᠥᠵᠢᠭ ᠤᠨ ᠪᠦᠯᠬᠦᠮ᠂ ᠬᠥᠭᠵᠢᠮ ᠤᠨ ᠠᠩᠭᠢ ᠶᠢᠨ ᠳᠠᠭᠤᠴᠢᠨ ᠪᠠ ᠲᠣᠭᠯᠠᠭᠴᠢ ᠲᠠᠢ ᠪᠥᠭᠡᠳ ᠬᠤᠲᠠ ᠶᠢᠨ | ᠤᠯᠠᠭᠠᠨᠮᠥ᠋ᠴᠢᠷ ᠤᠨ ᠭᠡᠰᠢᠭᠦᠳ ᠣᠷᠣᠯᠴᠠᠵᠠᠶ᠃ ᠲᠣᠮᠣ ᠬᠡᠯᠪᠡᠷᠢ ᠶᠢᠨ ᠳᠠᠭᠤᠤ ᠪᠥᠵᠢᠭ ᠤᠨ ᠲᠣᠭᠯᠠᠯᠲᠠ᠂ ᠳᠠᠭᠤᠯᠠᠬᠤᠶ ᠶᠢᠨ | ᠲᠣᠭᠯᠠᠯᠲᠠ᠂ ᠬᠥᠭᠵᠢᠮ ᠤᠨ ᠠᠩᠭᠢ ᠶᠢᠨ ᠲᠣᠭᠯᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ᠰᠣᠶᠣᠯ | ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ | ᠡᠭᠦᠨ ᠤ ᠬᠠᠮᠲᠤ᠂ ᠲᠣᠭᠯᠠᠯᠲᠠ ᠨᠢ ᠬᠠᠷᠢᠯᠴᠠᠨ ᠬᠥᠳᠡᠯᠦᠯᠴᠡᠵᠦ ᠱᠠᠩᠨᠠᠬᠤ ᠭᠤᠭᠴᠤᠭ᠎ᠠ ᠭᠠᠷᠭᠠᠵᠤ᠂ ᠪᠣᠭᠤᠮᠲᠠ ᠶᠢᠨ | ᠬᠤᠲᠠ ᠶᠢᠨ ᠬᠠᠯᠠᠮᠰᠢᠯ ᠴᠡᠭ ᠢ ᠪᠣᠶ ᠪᠣᠯᠭᠠᠪᠠ᠃ | ᠬᠤᠲᠠ ᠶᠢᠨ ᠠᠷᠠᠳ ᠭᠤᠤ ᠫᠧᠩ ᠹᠸᠢ ᠬᠡᠯᠡᠬᠦ ᠳᠡᠭᠡᠨ᠄ ︽ᠡᠨᠡ ᠪᠣᠯ ᠨᠢᠭᠡ ᠤᠳᠠᠭᠠᠨ ᠤ ᠭᠤᠶᠢᠳᠠ ᠰᠠᠶᠢᠬᠠᠨ | ᠲᠣᠭᠯᠠᠯᠲᠠ᠂ ᠡᠬᠢᠯᠡᠯᠲᠡ ᠶᠢᠨ ᠲᠠᠯᠠᠪᠤᠷ ᠤᠨ ᠭᠤᠶᠢᠳᠠ ᠰᠠᠶᠢᠬᠠᠨ ᠲᠣᠭᠯᠠᠯᠲᠠ ᠠᠴᠠ ᠡᠴᠦᠰ ᠤᠨ ᠪᠦᠷᠢᠨ ᠲᠡᠭᠦᠯᠳᠡᠷ | ᠲᠠᠯᠠᠷᠬᠠᠯ ᠮᠥᠨ᠂ ᠭᠤᠭᠴᠤᠭ᠎ᠠ ᠨᠢᠭᠡᠪᠦᠷᠢ ᠳᠤ ᠴᠥᠮ ᠨᠠᠷᠢᠨ ᠨᠢᠮᠪᠠᠶ ᠵᠢᠷᠤᠵᠤ ᠲᠥᠯᠥᠪᠯᠡᠨ᠂ ᠥᠩᠭᠡᠷᠡᠭᠰᠡᠨ ᠳᠤ | ᠦᠵᠡᠭᠳᠡᠵᠦ ᠥᠩᠭᠡᠷᠡᠭᠰᠡᠨ ᠦᠭᠡᠢ ᠵᠠᠷᠢᠮ ᠲᠣᠭᠯᠠᠯᠲᠠ ᠶᠢ ᠣᠯᠵᠤ ᠬᠠᠷᠠᠭᠠᠳ᠂ ᠮᠢᠨᠦ ᠭᠠᠳᠠᠭᠰᠢ ᠭᠠᠷᠴᠤ | ᠨᠣᠭᠤᠭᠠᠷᠠᠭᠤᠯᠬᠤ ᠳᠤ ᠮᠠᠰᠢ ᠰᠠᠶᠢᠨ ᠭᠠᠵᠠᠷ ᠪᠠᠶᠢᠨ᠎ᠠ︾ ᠭᠡᠵᠡᠶ᠃ | ᠲᠣᠰ ᠤᠳᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠪᠠᠶᠠᠷ ᠵᠢᠴᠢ | ᠵᠣᠨ ᠤ ᠰᠣᠶᠣᠯ ᠤᠷᠠᠯᠢᠭ ᠤᠨ ᠨᠠᠶᠢᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ᠂ ᠲᠤᠰᠬᠠᠶ ᠤᠷᠠᠨ ᠰᠠᠶᠢᠬᠠᠨ ᠤ | ᠲᠣᠭᠯᠠᠯᠲᠠ᠂ ᠺᠠᠷᠲ ᠴᠣᠬᠢᠬᠤ ᠵᠡᠷᠭᠡ ᠠᠭᠤᠯᠭ᠎ᠠ ᠪᠠᠷ ᠪᠦᠷᠢᠯᠳᠦᠵᠦ᠂ 22 ᠲᠠᠯᠠᠪᠤᠷ ᠤᠷᠠᠨ ᠰᠠᠶᠢᠬᠠᠨ ᠤ ᠲᠣᠭᠯᠠᠯᠲᠠ ᠶᠢ | ᠡᠷᠭᠢᠯᠡᠵᠦ᠂ ᠰᠣᠶᠣᠯ ᠢᠶᠠᠷ ᠵᠤᠭᠠᠴᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠪᠣᠯᠤᠨ᠎ᠠ᠃ ᠠᠷᠠᠳ ᠣᠯᠠᠨ ᠤ | ᠲᠠᠪᠴᠠᠩ ᠢ ᠪᠠᠶᠢᠭᠤᠯᠵᠤ᠂ ᠠᠷᠠᠳ ᠣᠯᠠᠨ ᠤ ᠥᠪᠡᠷ ᠤᠨ ᠲᠣᠭᠯᠠᠯᠲᠠ ᠡᠭᠦᠷᠭᠡᠯᠡᠬᠦ ᠭᠤᠤᠯ ᠳᠦᠷᠢ ᠶᠢ ᠬᠠᠩᠭᠢᠨᠠᠭᠤᠯᠪᠠ︔ | ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠮᠤᠵᠢ ᠬᠤᠲᠠ ᠣᠷᠣᠨ ᠤ ᠲᠣᠭᠯᠠᠯᠲᠠ ᠶᠢᠨ ᠲᠥᠯᠥᠭᠡᠯᠡᠭᠴᠢ ᠶᠢᠨ | ᠪᠦᠯᠬᠦᠮ ᠢ ᠤᠷᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠵᠤ᠂ ᠰᠣᠶᠣᠯ ᠤᠨ ᠢᠲᠡᠭᠡᠯ ᠢᠶᠠᠨ | ᠳᠡᠭᠡᠭᠰᠢᠯᠡᠭᠦᠯᠪᠡ︔ ︽ᠨᠢᠭᠡ ᠬᠤᠲᠠ ᠬᠤᠶᠠᠷ ᠬᠤᠰᠢᠭᠤ︾ ᠤᠯᠠᠭᠠᠨᠮᠥ᠋ᠴᠢᠷ ᠤᠨ ᠭᠡᠰᠢᠭᠦᠳ ᠪᠣᠭᠤᠮᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠪᠠᠶᠠᠷ | ᠪᠠᠶᠠᠰᠤᠯ ᠪᠠ ᠪᠣᠯᠪᠠᠰᠤᠨ ᠢ ᠬᠦᠷᠭᠡᠪᠡ︔ ᠲᠤᠰᠬᠠᠢ ᠤᠷᠠᠨ ᠰᠠᠶᠢᠬᠠᠨ ᠤ ᠲᠣᠭᠯᠠᠯᠲᠠ ᠱᠤᠭ ᠶᠠᠷᠢᠶ᠎ᠠ ᠪᠠ ᠴᠤᠭ | ᠵᠢᠪᠬᠤᠭ᠎ᠠ ᠶᠢ ᠠᠭᠤᠰᠤᠯᠴᠠᠭᠤᠯᠪᠠ︔ ᠲᠤᠰᠬᠠᠶ ᠤᠷᠠᠨ ᠰᠠᠶᠢᠬᠠᠨ ᠤ ᠲᠣᠭᠯᠠᠯᠲᠠ ᠱᠤᠭ ᠶᠠᠷᠢᠶ᠎ᠠ ᠪᠠ ᠷᠢᠳᠢ ᠰᠢᠳᠢ᠂ | ᠲᠠᠶᠢᠰᠠᠨ ᠤ ᠵᠦᠴᠦᠭᠡ᠂ ᠬᠤᠶᠠᠷ ᠬᠥᠮᠦᠨ ᠤ ᠲᠠᠶᠢᠰᠠ᠂ ᠰᠢ ᠵᠦᠴᠦᠭᠡ ᠵᠡᠷᠭᠡ ᠣᠯᠠᠨ ᠵᠦᠢᠯ ᠤᠨ ᠲᠣᠭᠯᠠᠯᠲᠠ ᠶᠢᠨ | ᠬᠡᠯᠪᠡᠷᠢ ᠶᠢ ᠬᠡᠯᠪᠡᠷᠢ ᠪᠠᠷ ᠰᠣᠶᠣᠯ ᠤᠨ ᠰᠣᠯᠢᠯᠴᠠᠭᠠᠨ ᠤ ᠮᠥᠷᠭᠦᠯᠳᠦᠯ ᠢ ᠠᠪᠴᠢᠷᠠᠪᠠ᠃ | ᠡᠭᠦᠨ ᠤ ᠬᠠᠮᠲᠤ᠂ ᠠᠵᠢᠯᠯᠠᠭ᠎ᠠ ᠨᠢ ᠲᠤᠰᠬᠠᠶ ᠲᠠᠯᠠᠪᠤᠷ ᠤᠨ ᠰᠣᠶᠣᠯ ᠤᠨ ᠲᠣᠭᠯᠠᠯᠲᠠ ᠶᠢᠨ ᠲᠤᠬᠠᠶ ᠶᠢᠨ | ᠲᠠᠯᠠᠪᠤᠷ ᠲᠤ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠬᠡᠯᠪᠡᠷᠢ ᠶᠢᠨ ᠰᠣᠶᠣᠯ ᠤᠨ ᠣᠨᠴᠠᠯᠢᠭ ᠲᠠᠢ ᠺᠠᠷᠲ ᠠᠪᠬᠤ | ᠣᠷᠣᠨ ᠭᠠᠷᠭᠠᠵᠤ᠂ ᠬᠤᠲᠠ ᠶᠢᠨ ᠠᠷᠠᠳ ᠤᠨ ᠵᠤᠭᠠᠴᠠᠭᠰᠠᠳ ᠲᠤ ︽ᠲᠦᠮᠡᠨ ᠭᠠᠵᠠᠷ ᠤᠨ ᠴᠠᠢ ᠶᠢᠨ ᠵᠠᠮ︾ ᠤᠨ | ᠰᠣᠶᠣᠯ ᠤᠨ ᠠᠭᠤᠯᠬᠤᠨ ᠢ ᠣᠶᠢᠯᠠᠭᠠᠭᠤᠯᠬᠤ ᠶᠢᠨ ᠬᠠᠮᠲᠤ ᠣᠷᠣᠯᠴᠠᠬᠤ ᠰᠡᠳᠬᠢᠯᠭᠡ ᠪᠠ ᠣᠶᠢᠯᠠᠭᠠᠬᠤ ᠲᠥᠷᠥᠭᠳᠡᠯ ᠢ | ᠳᠡᠭᠡᠭᠰᠢᠯᠡᠭᠦᠯᠬᠦ ᠪᠣᠯᠤᠨ᠎ᠠ᠃ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠰᠤ᠋ ᠯᠢ | ᠰᠢᠨ᠄ ︽ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠪᠠᠷ ᠳᠠᠮᠵᠢᠭᠤᠯᠤᠨ᠂ ᠡᠲᠡᠭᠡᠷ ᠠᠵᠢᠯᠯᠠᠭ᠎ᠠ ᠪᠠ ᠵᠢᠭᠤᠯᠴᠢᠯᠠᠯ ᠢ | ᠠᠳᠬᠤᠨ᠎ᠠ ︾ ᠭᠡᠪᠡ᠃ |