| | | ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠵᠠᠮ ᠨᠢᠳᠤᠨᠤᠨ ᠤ ᠪᠥᠬᠦ ᠵᠢᠯ ᠤᠨ | ᠲᠡᠭᠡᠭᠡᠪᠦᠷᠢ ᠶᠢᠨ ᠬᠡᠮᠵᠢᠶ᠎ᠡ ᠶᠢ ᠤᠷᠢᠳᠴᠢᠯᠠᠨ ᠪᠡᠶᠡᠯᠡᠭᠦᠯᠵᠦ᠂ ᠳᠠᠬᠢᠨᠲᠠ ᠰᠠᠶᠢᠨ ᠴᠢᠮᠡᠭᠡ ᠳᠠᠮᠵᠢᠭᠤᠯᠪᠠ᠄ 8 | ᠰᠠᠷ᠎ᠠ ᠶᠢᠨ 8 ᠤ ᠡᠳᠦᠷ ᠤᠨ 16 ᠴᠠᠭ ᠪᠣᠯᠲᠠᠯ᠎ᠠ᠂ ᠡᠨᠡ ᠵᠢᠯ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ | ᠬᠥᠮᠦᠰ 146.7 ᠲᠦᠮᠡᠨ ᠬᠥᠮᠦᠨ ᠤᠳᠠᠭ᠎ᠠ ᠳᠤ ᠬᠦᠷᠴᠦ᠂ 145 ᠡᠳᠦᠷ ᠤᠷᠢᠳᠴᠢᠯᠠᠨ ᠨᠢᠳᠤᠨᠤᠨ ᠤ ᠪᠥᠬᠦ | ᠵᠢᠯ ᠤᠨ ᠶᠡᠷᠦᠩᠬᠡᠶ ᠬᠡᠮᠵᠢᠶ᠎ᠡ ᠶᠢ ᠳᠠᠪᠠᠵᠠᠶ᠃ | ᠣᠶᠢᠷ᠎ᠠ ᠶᠢᠨ ᠡᠳᠦᠷ ᠤᠳ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠵᠢᠭᠤᠯᠴᠢᠯᠠᠯ ᠤᠨ | ᠪᠠᠶᠢᠴᠠᠭᠠᠯᠲᠠ ᠶᠢᠨ ᠲᠢᠩᠬᠢᠮ ᠳᠤ ᠳᠤᠮᠳᠠᠳᠤ ᠭᠠᠳᠠᠭᠠᠳᠤ ᠶᠢᠨ ᠠᠶᠠᠨᠴᠢᠳ ᠨᠡᠬᠡᠭᠡᠯᠲᠡ ᠬᠢᠵᠦ᠂ ᠶᠠᠭᠠᠷᠠᠯᠲᠠᠢ ᠪᠠᠶᠢᠳᠠᠯ | ᠢᠯᠡᠷᠡᠪᠡ᠃ ᠲᠠᠨᠢᠯᠴᠠᠭᠤᠯᠤᠭᠰᠠᠨ ᠢᠶᠠᠷ᠂ 8 ᠳ᠋ᠤᠭᠠᠷ ᠰᠠᠷ᠎ᠠ ᠠᠴᠠ ᠨᠠᠰᠢ᠂ ᠬᠡᠷ ᠪᠦᠯᠢ ᠶᠢᠨ ᠵᠢᠭᠤᠯᠴᠢᠯᠠᠯ᠂ | ᠪᠦᠯᠬᠦᠮ ᠤᠨ ᠬᠢᠯᠢ ᠠᠯᠤᠰᠯᠠᠨ ᠵᠢᠭᠤᠯᠴᠢᠯᠠᠬᠤ᠂ ᠵᠣᠨ ᠤ ᠠᠮᠠᠷᠠᠯᠲᠠ ᠶᠢᠨ ᠰᠤᠳᠤᠯᠤᠨ ᠰᠤᠷᠤᠯᠴᠠᠬᠤ | ᠵᠢᠭᠤᠯᠴᠢᠯᠠᠯ ᠨᠢ ᠪᠣᠭᠤᠮᠲᠠ ᠪᠠᠷ ᠥᠩᠭᠡᠷᠡᠬᠦ ᠴᠢᠬᠤᠯᠠ ᠨᠡᠮᠡᠭᠳᠡᠯ ᠤᠨ ᠴᠡᠭ ᠪᠣᠯᠵᠣ᠂ ᠰᠣᠷᠣᠭᠴᠢ᠂ ᠬᠡᠤᠬᠡᠳ ᠤᠨ | ᠶᠠᠪᠤᠵᠤ ᠰᠠᠭᠤᠬᠤ ᠡᠵᠡᠯᠡᠬᠦ ᠬᠠᠷᠢᠴᠠᠯ ᠶᠡᠭᠡ ᠪᠠᠷ ᠳᠡᠭᠡᠭᠰᠢᠯᠡᠪᠡ᠃ 8 ᠰᠠᠷ᠎ᠠ ᠶᠢᠨ 2 ᠤᠨ ᠡᠳᠦᠷ ᠠᠴᠠ ᠡᠬᠢᠯᠡᠨ᠂ | ᠬᠢᠯᠢ ᠪᠠᠷ ᠣᠷᠣᠵᠤ ᠭᠠᠷᠬᠤ ᠬᠥᠮᠦᠰ 7 ᠡᠳᠦᠷ ᠳᠠᠷᠠᠭᠠᠯᠠᠨ 1 ᠲᠦᠮᠡᠨ ᠬᠥᠮᠦᠨ ᠤᠳᠠᠭ᠎ᠠ ᠶᠢ ᠳᠠᠪᠠᠵᠤ᠂ ᠲᠠᠩ | ᠡᠳᠦᠷ ᠤᠨ ᠬᠠᠮᠤᠭ ᠤᠨ ᠥᠨᠳᠥᠷ ᠲᠤ ᠪᠠᠨ 12353 ᠬᠥᠮᠦᠨ ᠤᠳᠠᠭ᠎ᠠ ᠳᠤ ᠬᠦᠷᠴᠦ᠂ ᠲᠠᠩ ᠡᠳᠦᠷ ᠤᠨ | ᠰᠢᠯᠭᠠᠯᠲᠠ ᠲᠠᠯᠪᠢᠭᠰᠠᠨ ᠬᠠᠮᠤᠭ ᠤᠨ ᠥᠨᠳᠥᠷ ᠲᠡᠮᠳᠡᠭᠯᠡᠯ ᠢ ᠦᠷᠭᠦᠯᠵᠢᠯᠡᠨ ᠰᠢᠨᠡᠳᠬᠡᠪᠡ᠃ | ᠲᠠᠰᠤᠷᠠᠯᠲᠠ ᠦᠭᠡᠢ ᠳᠡᠭᠡᠭᠰᠢᠯᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠢ | ᠪᠦᠲᠦᠮᠵᠢᠲᠡᠶ ᠠᠷᠭᠠᠴᠠᠬᠤ ᠶᠢᠨ ᠲᠥᠯᠥᠭᠡ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ | ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠶᠢᠨ ᠠᠳᠠᠯᠢ ᠪᠤᠰᠤ ᠴᠠᠭ ᠬᠤᠭᠤᠴᠠᠭᠠᠨ ᠤ ᠬᠠᠷᠢᠮᠠᠬᠠᠢ ︽ᠴᠠᠭ ᠢ | ᠤᠷᠲᠤᠳᠬᠠᠨ ᠪᠣᠭᠤᠮᠲᠠ ᠪᠠᠷ ᠥᠩᠭᠡᠷᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠬᠠᠩᠭᠠᠵᠤ᠂ ᠪᠦᠯᠬᠦᠮ | ᠨᠡᠶᠢᠲᠡ ᠶᠢᠨ ᠵᠢᠭᠤᠯᠴᠢᠯᠠᠯ᠂ ᠶᠡᠭᠡ ᠬᠡᠮᠵᠢᠶᠡᠨ ᠤ ᠡᠳ᠋ ᠪᠣᠳᠠᠰ ᠢ ᠠᠪᠴᠤ ᠶᠠᠪᠤᠬᠤ ᠠᠶᠠᠨᠴᠢᠳ ᠤᠨ ᠲᠤᠰᠬᠠᠶ | ᠨᠡᠪᠲᠡᠷᠡᠬᠦ ᠵᠠᠮ ᠭᠠᠷᠭᠠᠵᠤ᠂ ᠤᠷᠢᠳᠠᠴᠢ ᠬᠥᠲᠥᠯᠥᠨ ᠵᠢᠯᠣᠭᠤᠳᠴᠤ ᠠᠰᠠᠭᠤᠨ ᠯᠠᠪᠯᠠᠬᠤ ᠶᠢ ᠴᠢᠩᠭᠠᠳᠬᠠᠨ᠂ | ᠠᠶᠠᠨᠴᠢᠳ ᠲᠤ ᠲᠣᠳᠣᠷᠬᠠᠶ ᠵᠢᠯᠣᠭᠤᠳᠤᠯᠭ᠎ᠠ ᠬᠠᠩᠭᠠᠵᠤ᠂ ᠬᠦᠯᠢᠶᠡᠬᠦ ᠴᠠᠭ ᠢ ᠪᠠᠭᠠᠰᠬᠠᠨ᠂ ᠪᠣᠭᠤᠮᠲᠠ ᠪᠠᠷ | ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠠᠨᠴᠢᠳ ᠤᠨ ᠥᠨᠳᠥᠷ ᠪᠦᠲᠦᠮᠵᠢᠲᠡᠶ ᠪᠥᠭᠡᠳ ᠳᠥᠭᠦᠮ | ᠳᠥᠲᠡ ᠨᠡᠪᠲᠡᠷᠡᠬᠦ ᠶᠢ ᠪᠠᠲᠤᠯᠠᠬᠤ ᠬᠡᠷᠡᠭᠲᠡᠶ᠃ |