| | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 7 ᠰᠠᠷ᠎ᠠ ᠳᠤ᠂ ᠡᠷᠢᠶᠡᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 263.5 | ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ | ᠃ ᠡᠭᠦᠨ ᠳᠤ᠂ ᠭᠠᠳᠠᠭᠠᠳᠤ ᠣᠷᠣᠭᠤᠯᠤᠯᠲᠠ 129.7 ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ | ᠪᠠᠭᠤᠷᠠᠪᠠ︔ ᠭᠠᠳᠠᠭᠠᠳᠤ ᠭᠠᠷᠭᠠᠯᠲᠠ 133.8 ᠳ᠋ᠦᠩᠰᠢᠭᠤᠷ ᠲᠥᠭᠦᠷᠢᠭ ᠲᠤ ᠬᠦᠷᠴᠦ᠂ 29.3% ᠪᠠᠷ | ᠨᠡᠮᠡᠭᠳᠡᠪᠡ᠃ | ᠡᠷᠢᠶᠡᠨ ᠬᠤᠲᠠ ᠪᠣᠭᠤᠮᠲᠠ ᠪᠠᠷ ᠭᠠᠳᠠᠭᠰᠢ ᠣᠷᠣᠰ ᠮᠣᠩᠭᠤᠯ ᠲᠠᠢ ᠵᠠᠯᠭᠠᠯᠳᠤᠵᠤ᠂ ᠳᠣᠳᠣᠭᠰᠢ ᠬᠥᠬᠡᠬᠤᠲᠠ | ᠪᠤᠭᠤᠲᠤ ᠢᠷᠭᠠᠢ ᠢᠦᠢ ᠯᠢᠨ ᠤ ᠠᠵᠤ ᠠᠬᠤᠢ ᠶᠢᠨ ᠪᠦᠰᠡ᠂ ᠧᠦ᠋ᠷᠣᠫᠠ ᠠᠽᠢᠶ᠎ᠠ ᠶᠢᠨ ᠡᠬᠡ ᠭᠠᠵᠠᠷ ᠤᠨ | ᠬᠥᠭᠦᠷᠭᠡ ᠶᠢᠨ ᠳᠡᠭᠡᠷᠡᠬᠢ ᠶᠡᠷᠦᠩᠬᠡᠶᠢᠯᠡᠭᠰᠡᠨ ᠴᠢᠨᠠᠷᠲᠠᠢ ᠵᠠᠩᠭᠢᠯᠠᠭ᠎ᠠ᠂ ᠮᠥᠨ ᠴᠦ ᠮᠠᠨ ᠤ ᠤᠯᠤᠰ ᠤᠨ ᠴᠢᠬᠤᠯᠠ | ᠲᠠᠸᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠪᠯᠡᠷᠡᠭᠦᠯᠵᠦ ᠲᠠᠷᠬᠠᠭᠠᠬᠤ ᠭᠠᠵᠠᠷ ᠪᠣᠯᠤᠨ᠎ᠠ᠃ | ᠤᠢᠢᠷ᠎ᠠ ᠶᠢᠨ ᠵᠢᠯ ᠠᠴᠠ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠭᠠᠳᠠᠭᠠᠳᠤ ᠠᠷᠠᠯᠵᠢᠶᠠᠨ ᠤ | ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ | ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠤᠯᠤᠰ ᠤᠨ ᠳᠣᠲᠣᠭᠠᠳᠤ ᠶᠢᠨ ᠠᠵᠤ | ᠠᠬᠤᠶ ᠶᠢᠨ ᠡᠷᠭᠢᠯᠲᠡ ᠦᠷᠭᠦᠯᠵᠢᠯᠡᠨ ᠰᠠᠶᠢᠵᠢᠷᠠᠵᠤ᠂ ᠳᠣᠲᠣᠭᠠᠳᠤ ᠬᠥᠳᠡᠯᠭᠡᠬᠦ ᠬᠦᠴᠦᠨ ᠲᠠᠰᠤᠷᠠᠯᠲᠠ ᠥᠬᠡᠶ | ᠴᠢᠩᠭᠠᠷᠠᠬᠤ ᠶᠢ ᠳᠠᠭᠠᠯᠳᠤᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶ᠎ᠠ ᠲᠣᠭᠲᠠᠭᠤᠨ ᠤ ᠳᠤᠮᠳᠠ ᠨᠡᠮᠡᠭᠳᠡᠬᠦ ᠪᠠᠶᠢᠳᠠᠯ ᠲᠣᠪᠤᠶᠢᠮ᠎ᠠ ᠪᠣᠯᠪᠠ᠃ |