| | ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠦᠷᠢᠳᠬᠡᠯ ᠢ | ᠦᠨᠳᠦᠰᠦᠯᠡᠪᠡᠯ᠂ ᠡᠨᠡ ᠵᠢᠯ ᠤᠨ 1 - 7 ᠰᠠᠷ᠎ᠠ ᠳᠤ᠂ ᠮᠠᠨ ᠤ ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ | ᠵᠤᠭᠠᠴᠠᠭᠰᠠᠳ ᠢ 131.9 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ | 55% ᠪᠠᠷ ᠨᠡᠮᠡᠭᠳᠡᠪᠡ᠃ ᠡᠭᠦᠨ ᠳᠤ᠂ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 73.2 ᠲᠦᠮᠡᠨ ᠬᠥᠮᠦᠨ | ᠤᠳᠠᠭ᠎ᠠ ᠭᠥᠯᠢᠶᠡᠨ ᠠᠪᠴᠤ᠂ ᠭᠠᠳᠠᠭᠠᠳᠤ ᠶᠢᠨ ᠵᠤᠭᠠᠴᠠᠭᠰᠠᠳ ᠢ 58.7 ᠲᠦᠮᠡᠨ ᠬᠥᠮᠦᠨ ᠤᠳᠠᠭ᠎ᠠ ᠬᠦᠯᠢᠶᠡᠨ | ᠠᠪᠤᠪᠠ᠃ | | | ᠵᠤᠨ ᠤ ᠠᠮᠠᠷᠠᠯᠲᠠ ᠶᠢᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠥᠪᠡᠷᠮᠢᠴᠡ ᠣᠨᠴᠠᠯᠢᠭ ᠲᠠᠢ | ᠪᠣᠭᠤᠮᠲᠠ ᠶᠢᠨ ᠰᠣᠶᠣᠯ ᠨᠢ ᠮᠠᠨ ᠤ ᠬᠤᠲᠠ ᠶᠢ ᠴᠥᠭᠡᠨ ᠪᠤᠰᠤ ᠰᠤᠳᠤᠯᠤᠨ ᠰᠤᠷᠤᠯᠴᠠᠬᠤ ᠵᠤᠭᠠᠴᠠᠯ᠂ ᠲᠡᠭᠦᠰᠬᠦ | ᠵᠤᠭᠠᠴᠠᠯ᠂ ᠡᠴᠢᠭᠡ ᠡᠬᠡ ᠦᠷ᠎ᠡ ᠬᠡᠦᠬᠡᠳ ᠤᠨ ᠵᠤᠭᠠᠴᠠᠯ ᠤᠨ ᠬᠠᠯᠠᠭᠤᠨ ᠴᠡᠭ ᠪᠣᠯᠭᠠᠵᠤ᠂ ᠪᠦᠬᠦ ᠤᠯᠤᠰ ᠤᠨ ᠡᠯ᠎ᠡ | ᠭᠠᠵᠠᠷ ᠤᠨ ᠵᠤᠭᠠᠴᠠᠭᠰᠠᠳ ᠬᠤᠶᠢᠨ᠎ᠠ ᠬᠤᠶᠢᠨ᠎ᠠ ᠠᠴᠠ ᠪᠠᠨ ᠢᠷᠡᠵᠤ᠂ ᠬᠢᠯᠢ ᠶᠢᠨ ᠪᠣᠭᠤᠮᠲᠠ ᠶᠢᠨ ᠰᠣᠶᠣᠯ᠂ | ᠠᠪᠤᠷᠭᠤ ᠬᠦᠷᠪᠡᠯ ᠤᠨ ᠰᠣᠶᠣᠯ ᠵᠤᠭᠠᠴᠠᠯ ᠳᠠᠬᠢᠨᠲᠠ ᠰᠠᠶᠢᠵᠢᠷᠠᠪᠠ᠃ | ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ᠂ ᠰᠤᠷᠪᠤᠯᠵᠢᠯᠠᠭᠴᠢ ᠡᠯ᠎ᠡ ᠭᠠᠵᠠᠷ ᠤᠨ ᠵᠢᠭᠤᠯᠴᠢᠯᠠᠭᠴᠢᠳ | ᠲᠠᠰᠤᠷᠠᠬᠤ ᠦᠭᠡᠢ ᠪᠠᠶᠢᠬᠤ ᠶᠢ ᠣᠯᠵᠤ ᠬᠠᠷᠠᠪᠠ᠃ | ᠵᠢᠭᠤᠯᠴᠢᠯᠠᠭᠴᠢᠳ ᠶᠠᠪᠤᠬᠤ ᠶᠢᠨ ᠳᠠᠭᠠᠤ ᠭᠡᠷᠡᠯ ᠵᠢᠷᠤᠭ ᠲᠠᠲᠠᠭᠤᠯᠵᠤ᠂ ᠡᠬᠡ ᠤᠯᠤᠰ ᠤᠨ ᠤᠮᠠᠷᠠᠲᠤ ᠶᠡᠭᠡ | ᠡᠭᠦᠳᠡᠨ ᠳᠤ ᠵᠣᠭᠰᠣᠨ ᠬᠠᠷᠢ ᠤᠯᠤᠰ ᠤᠨ ᠥᠩᠭᠡ ᠦᠵᠡᠮᠵᠢ ᠶᠢ ᠪᠠᠷᠠᠯᠠᠵᠤ᠂ ᠡᠬᠡ ᠤᠯᠤᠰ ᠤᠨ ᠬᠥᠭᠵᠢᠯ ᠴᠡᠴᠡᠭᠯᠡᠯ | ᠂ ᠤᠯᠤᠰ ᠤᠨ ᠡᠭᠦᠳᠡᠨ ᠤ ᠰᠦᠷ ᠵᠢᠪᠬᠤᠭ᠎ᠠ ᠪᠠ ᠠᠷᠢᠭᠤᠨ ᠳᠠᠷᠬᠠᠨ ᠵᠡᠷᠭᠡ ᠶᠢ ᠮᠡᠳᠡᠷᠡᠵᠦ᠂ ᠮᠠᠷᠲᠠᠭᠳᠠᠰᠢ ᠦᠭᠡᠢ | ᠬᠢᠯᠢ ᠬᠢᠵᠠᠭᠠᠷ ᠤᠨ ᠰᠣᠶᠣᠯ ᠤᠨ ᠠᠶᠠᠯᠠᠯ ᠢᠶᠠᠨ ᠡᠬᠢᠯᠡᠭᠦᠯᠪᠡ᠃ | ᠬᠢᠯᠢ ᠶᠢᠨ ᠪᠣᠭᠤᠮᠲᠠ ᠶᠢᠨ ᠵᠢᠭᠤᠯᠴᠢᠯᠠᠯ ᠤᠨ ᠬᠤᠲᠠ ᠪᠣᠯᠤᠭᠰᠠᠨ ᠤ ᠬᠤᠪᠢ ᠳᠤ᠂ ᠮᠠᠨ ᠤ ᠬᠤᠲᠠ ᠶᠡᠷᠦ ᠨᠢ | ᠥᠪᠡᠷᠮᠢᠴᠡ ᠬᠢᠯᠢ ᠶᠢᠨ ᠳᠦᠷᠰᠦ ᠪᠠᠶᠢᠳᠠᠯ ᠪᠠ ᠬᠤᠪᠢᠰᠬᠠᠯ ᠤᠨ ᠰᠣᠶᠣᠯ ᠤᠨ ᠵᠢᠭᠤᠯᠴᠢᠯᠠᠯ᠂ ᠳᠤᠮᠳᠠᠳᠤ ᠮᠣᠩᠭᠤᠯ | ᠬᠤᠶᠠᠷ ᠤᠯᠤᠰ ᠤᠨ ᠵᠠᠩ ᠦᠢᠯᠡ ᠶᠢᠨ ᠵᠢᠭᠤᠯᠴᠢᠯᠠᠯ ᠵᠡᠷᠭᠡ ᠠᠯᠳᠠᠷ ᠢᠶᠠᠷ ᠢᠶᠠᠨ ᠤᠯᠤᠰ ᠤᠨ ᠳᠣᠲᠣᠭᠠᠳᠤ | ᠭᠠᠳᠠᠭᠠᠳᠤ ᠶᠢᠨ ᠮᠠᠰᠢ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠰᠤᠷᠠᠯᠲᠠ ᠦᠭᠡᠢ ᠲᠠᠲᠠᠵᠤ ᠪᠠᠶᠢᠨ᠎ᠠ᠃ |