ᠡᠨᠡ ᠵᠢᠯ ᠤᠨ ᠲᠦᠷᠦᠭᠦᠤ 7 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/14
   ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 7 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 263.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ ᠃ ᠡᠭᠦᠨ ᠳᠤ᠂ ᠭᠠᠳᠠᠭᠠᠳᠤ ᠣᠷᠣᠭᠤᠯᠤᠯᠲᠠ 129.7 ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ ᠪᠠᠭᠤᠷᠠᠪᠠ︔ ᠭᠠᠳᠠᠭᠠᠳᠤ ᠭᠠᠷᠭᠠᠯᠲᠠ 133.8 ᠳ᠋ᠦᠩᠰᠢᠭᠤᠷ ᠲᠥᠭᠦᠷᠢᠭ ᠲᠤ ᠬᠦᠷᠴᠦ᠂ 29.3% ᠪᠠᠷ ᠨᠡᠮᠡᠭᠳᠡᠪᠡ᠃    ᠡᠷᠢᠶᠡᠨ ᠬᠤᠲᠠ ᠪᠣᠭᠤᠮᠲᠠ ᠪᠠᠷ ᠭᠠᠳᠠᠭᠰᠢ ᠣᠷᠣᠰ ᠮᠣᠩᠭᠤᠯ ᠲᠠᠢ ᠵᠠᠯᠭᠠᠯᠳᠤᠵᠤ᠂ ᠳᠣᠳᠣᠭᠰᠢ ᠬᠥᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠢ ᠶᠢᠨ ᠪᠦᠰᠡ᠂ ᠧᠦ᠋ᠷᠣᠫᠠ ᠠᠽᠢᠶ᠎ᠠ ᠶᠢᠨ ᠡᠬᠡ ᠭᠠᠵᠠᠷ ᠤᠨ ᠬᠥᠭᠦᠷᠭᠡ ᠶᠢᠨ ᠳᠡᠭᠡᠷᠡᠬᠢ ᠶᠡᠷᠦᠩᠬᠡᠶᠢᠯᠡᠭᠰᠡᠨ ᠴᠢᠨᠠᠷᠲᠠᠢ ᠵᠠᠩᠭᠢᠯᠠᠭ᠎ᠠ᠂ ᠮᠥᠨ ᠴᠦ ᠮᠠᠨ ᠤ ᠤᠯᠤᠰ ᠤᠨ ᠴᠢᠬᠤᠯᠠ ᠲᠠᠸᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠪᠯᠡᠷᠡᠭᠦᠯᠵᠦ ᠲᠠᠷᠬᠠᠭᠠᠬᠤ ᠭᠠᠵᠠᠷ ᠪᠣᠯᠤᠨ᠎ᠠ᠃ ᠤᠢᠢᠷ᠎ᠠ ᠶᠢᠨ ᠵᠢᠯ ᠠᠴᠠ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠡᠷᠭᠢᠯᠲᠡ ᠦᠷᠭᠦᠯᠵᠢᠯᠡᠨ ᠰᠠᠶᠢᠵᠢᠷᠠᠵᠤ᠂ ᠳᠣᠲᠣᠭᠠᠳᠤ ᠬᠥᠳᠡᠯᠭᠡᠬᠦ ᠬᠦᠴᠦᠨ ᠲᠠᠰᠤᠷᠠᠯᠲᠠ ᠥᠬᠡᠶ ᠴᠢᠩᠭᠠᠷᠠᠬᠤ ᠶᠢ ᠳᠠᠭᠠᠯᠳᠤᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠲᠣᠭᠲᠠᠭᠤᠨ ᠤ ᠳᠤᠮᠳᠠ ᠨᠡᠮᠡᠭᠳᠡᠬᠦ ᠪᠠᠶᠢᠳᠠᠯ ᠲᠣᠪᠤᠶᠢᠮ᠎ᠠ ᠪᠣᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号