| | ᠡᠷᠢᠶᠡᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 7 ᠰᠠᠷ᠎ᠠ ᠳᠤ᠂ ᠡᠷᠢᠶᠡᠨ | ᠬᠤᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠬᠡᠮᠵᠢᠶ᠎ᠡ 4 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 1.34 ᠳᠠᠬᠢᠨ ᠨᠡᠮᠡᠭᠳᠡᠪᠡ᠂ ᠡᠭᠦᠨ ᠳᠤ ᠨᠠᠶᠢᠳᠠᠨ ᠪᠣᠯᠪᠠᠰᠤᠷᠠᠭᠤᠯᠬᠤ ᠬᠡᠯᠪᠡᠷᠢ ᠶᠢᠨ | ᠠᠷᠠᠯᠵᠢᠶᠠᠨ ᠤ ᠲᠤᠭ᠎ᠠ 3.88 ᠳ᠋ᠦᠩᠰᠢᠭᠤᠷ ᠲᠥᠭᠦᠷᠢᠭ ᠲᠤ ᠬᠦᠷᠴᠦ᠂ 97.5% ᠶᠢ ᠡᠵᠡᠯᠡᠵᠦ ᠪᠠᠶᠢᠨ᠎ᠠ᠃ | ᠡᠷᠢᠶᠡᠨ ᠬᠤᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠪᠣᠯ | ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠬᠢᠯᠢ ᠶᠢᠨ ᠢᠷᠭᠡᠳ ᠤᠨ ᠬᠤᠳᠠᠯᠳᠣᠭᠠᠨ ᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢ ᠨᠠᠶᠢᠳᠠᠨ ᠡᠳ᠋ᠰᠢᠭᠦᠯᠬᠦ ᠲᠤᠷᠰᠢᠯᠲᠠ ᠶᠢᠨ ᠴᠢᠭ ᠪᠠᠶᠢᠵᠦ᠂ ᠠᠷᠠᠯᠵᠢᠶᠠᠨ ᠤ ᠲᠤᠭ᠎ᠠ ᠨᠢ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠨ᠎ᠠ᠃ ᠡᠳ᠋ᠰᠢᠭᠦᠯᠦᠨ ᠪᠣᠯᠪᠠᠰᠤᠷᠠᠭᠤᠯᠬᠤ ᠲᠠᠸᠠᠷ ᠢ | ᠤᠬᠢᠶᠠᠵᠤ ᠠᠷᠢᠯᠭᠠᠭᠰᠠᠨ ᠦᠭᠡᠢ ᠢᠮᠠᠭᠠᠨ ᠨᠣᠯᠤᠤᠷ᠂ ᠮᠠᠭᠠᠯᠢᠩᠭᠤ ᠶᠢᠨ ᠦᠷ᠎ᠡ᠂ ᠬᠦᠯᠳᠡᠬᠦᠣ ᠬᠢᠯᠬᠢᠶᠡᠳᠦ ᠶᠠᠰᠦ | ᠮᠢᠬ᠎ᠠ ᠵᠡᠷᠭᠡ 3 ᠲᠥᠷᠥᠯ ᠳᠤ ᠲᠦᠪᠯᠡᠷᠡᠭᠦᠯᠵᠦ᠂ ᠣᠳᠣᠬᠠᠨ ᠳᠤ ᠨᠢᠭᠡᠨᠲᠡ ᠬᠡᠪᠰᠢᠭᠰᠡᠨ ᠠᠵᠢᠯᠯᠠᠭᠠᠨ ᠢ ᠪᠡᠶᠡᠯᠡᠭᠦᠯᠪᠡ | ᠃ | ᠡᠨᠡ ᠵᠢᠯ ᠤᠨ 7 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠪᠣᠭᠤᠮᠲᠠ ᠳᠤ ᠬᠢᠯᠢ ᠶᠢᠨ ᠠᠷᠠᠳ ᠤᠨ ᠲᠤᠭ᠎ᠠ | ᠨᠡᠶᠢᠲᠡ 9112 ᠬᠥᠮᠦᠨ᠂ ᠬᠤᠳᠠᠯᠳᠤᠭᠠᠨ ᠤ ᠳᠡᠯᠭᠡᠭᠦᠷ 23᠂ ᠬᠢᠯᠢ ᠶᠢᠨ ᠠᠷᠠᠳ ᠤᠨ ᠬᠠᠷᠢᠯᠴᠠᠨ | ᠬᠠᠪᠰᠤᠷᠤᠯᠴᠠᠬᠤ ᠳᠤᠭᠤᠶᠢᠯᠠᠩ 13᠂ ᠬᠤᠷᠰᠢᠶ᠎ᠠ 7 ᠳᠠᠩᠰᠠᠯᠠᠭᠤᠯᠪᠠ᠃ | ᠡᠷᠢᠶᠡᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠢᠶᠡᠨ ᠪᠣᠭᠤᠮᠲᠠ ᠶᠢᠨ ᠬᠢᠯᠢ ᠶᠢᠨ ᠠᠷᠠᠳ ᠤᠨ | ᠵᠠᠬ᠎ᠠ ᠶᠢᠨ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠪᠠ᠃ ᠣᠶᠣᠨᠳᠦ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠴᠦᠮ᠎ᠡ ᠶᠢᠨ ᠰᠠᠴᠤᠷᠠᠭ ᠤᠨ ᠬᠠᠶᠢᠨ | ᠰᠢᠨᠵᠢᠯᠡᠯᠲᠡ᠂ ᠳᠤᠭᠤᠶᠢᠯᠠᠪᠤᠷᠢ ᠶᠢ ᠠᠷᠢᠭᠤᠳᠬᠠᠵᠤ ᠡᠷᠴᠢᠮᠵᠢᠭᠦᠯᠬᠦ᠂ ᠤᠶᠤᠨᠴᠢᠯᠠᠬᠤ ᠦᠭᠡᠷᠡᠴᠢᠯᠡᠯᠲᠡ ᠶᠢ | ᠠᠬᠢᠭᠤᠯᠤᠨ᠂ ︽ᠨᠠᠶᠢᠳᠠᠵᠤ ᠭᠤᠶᠤᠴᠢᠯᠠᠨ ᠮᠡᠳᠡᠭᠦᠯᠬᠦ︾ ︽ᠲᠠᠯᠠᠪᠠᠢ ᠰᠢᠯᠵᠢᠭᠦᠯᠦᠨ ᠪᠠᠶᠢᠴᠠᠭᠠᠬᠤ︾ ᠵᠡᠷᠭᠡ | ᠳᠦᠭᠦᠮ ᠳᠦᠲᠡ ᠬᠢᠬᠦ ᠠᠷᠭ᠎ᠠ ᠬᠡᠮᠵᠢᠶ᠎ᠡ ᠶᠢ ᠳᠠᠪᠬᠤᠴᠠᠭᠤᠯᠵᠤ᠂ ᠬᠠᠷᠢᠯᠴᠠᠨ ᠠᠷᠠᠯᠵᠢᠶᠠᠯᠠᠬᠤ ᠲᠠᠸᠠᠷ ᠤᠨ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ 25% ᠪᠠᠷ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠴᠢᠩᠭᠠᠷᠠᠭᠤᠯᠤᠨ᠂ ᠡᠷᠬᠢᠨ ᠲᠣᠭᠤᠷᠢᠨ ᠤ ᠤᠯᠤᠰ ᠤᠨ ᠵᠥᠪᠰᠢᠶᠡᠷᠡᠨ ᠣᠷᠣᠭᠤᠯᠬᠤ ᠲᠠᠸᠠᠷ ᠤᠨ | ᠨᠠᠷᠢᠨ ᠬᠠᠭᠤᠳᠠᠰᠤ ᠪᠠ ᠳᠠᠯᠳᠠ ᠬᠦᠴᠦᠨ ᠲᠠᠸᠠᠷ ᠤᠨ ᠨᠠᠷᠢᠨ ᠬᠠᠭᠤᠳᠠᠰᠤ ᠶᠢ ᠡᠮᠬᠢᠯᠡᠵᠦ᠂ ᠬᠠᠷᠢᠯᠴᠠᠨ ᠮᠠᠶᠢᠮᠠᠶᠢᠯᠠᠬᠤ | ᠵᠠᠬ᠎ᠠ ᠳᠡᠯᠭᠡᠭᠦᠷ ᠤᠨ ᠲᠠᠸᠠᠷ ᠤᠨ ᠪᠦᠲᠦᠭᠡᠭᠳᠡᠬᠦᠨ ᠤ ᠨᠡᠮᠡᠭᠳᠡᠯ ᠢ ᠦᠷᠭᠦᠯᠵᠢᠯᠡᠨ ᠠᠬᠢᠭᠤᠯᠵᠤ᠂ 369 ᠵᠦᠢᠯ ᠤᠨ | ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠪᠡᠶᠡᠯᠡᠭᠦᠯᠦᠨ᠎ᠡ᠃ ︽ᠪᠣᠭᠤᠮᠲᠠ ᠶᠢᠨ ᠳᠠᠷᠤᠭ᠎ᠠ ᠶᠢᠨ ᠲᠥᠷᠥ ᠶᠢᠨ | ᠪᠣᠳᠣᠯᠭ᠎ᠠ ᠶᠢ ᠭᠡᠷ ᠲᠤᠨᠢ ᠬᠦᠷᠭᠡᠬᠦ︾ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠰᠢᠷᠢᠰ | ᠠᠵᠢᠯᠯᠠᠭ᠎ᠠ ᠶᠢ ᠥᠷᠨᠢᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠤ ᠬᠢᠯᠢ ᠶᠢᠨ ᠠᠷᠠᠳ ᠤᠨ ᠬᠠᠷᠢᠯᠴᠠᠨ | ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠥᠭᠵᠢᠯᠲᠡ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠡᠷᠬᠢᠨ ᠲᠣᠭᠤᠷᠢᠨ ᠤ ᠬᠤᠰᠢᠭᠤ ᠰᠢᠶᠠᠨ ᠤ ᠬᠢᠯᠢ ᠶᠢᠨ ᠠᠷᠠᠳ ᠤᠨ ᠬᠢᠯᠢ ᠶᠢᠨ ᠠᠷᠠᠳ ᠤᠨ | ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠢᠳᠡᠪᠬᠢᠲᠡᠢ ᠣᠷᠣᠯᠴᠠᠬᠤ ᠶᠢ ᠠᠬᠢᠭᠤᠯᠤᠨ᠎ᠠ᠃ |