2024 ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠶ ᠠᠷᠠᠯᠵᠢᠶ᠎ᠠ ᠪᠠᠯᠠ ᠣᠷᠣᠭᠤᠯᠤᠯᠲᠠ ᠶᠢᠨ ᠵᠥᠪᠳᠡᠯᠴᠡᠬᠡᠷ ᠤᠨ ᠬᠤᠷᠠᠯ ᠵᠢᠴᠢ ᠦᠵᠡᠰᠬᠦᠯᠡᠩ ᠤᠨ ᠳᠡᠯᠭᠡᠨ ᠦᠵᠡᠭᠦᠯᠦᠯᠭᠡ ᠶᠠᠪᠣᠭᠳᠠᠪᠠ
ᠨᠡᠶᠢᠲᠡᠯᠡᠭᠰᠡᠨ ᠴᠠᠭ᠄
2024/8/19
     ᠨᠠᠮᠤᠷ ᠤᠨ ᠡᠬᠢᠨ ᠤ ᠬᠢᠯᠢ ᠶᠢᠨ ᠪᠣᠭᠤᠮᠲᠠ ᠳᠤ᠂ ᠡᠬᠡ ᠭᠠᠵᠠᠷ ᠨᠣᠮᠢᠨ ᠨᠣᠭᠤᠭᠠᠨ ᠦᠩᠭᠡ ᠪᠠᠷ ᠪᠢᠯᠬᠠᠵᠤ᠂ ᠳᠥᠷᠪᠡᠨ ᠵᠦᠭ ᠤᠨ ᠵᠣᠴᠢᠳ ᠬᠦᠷᠦᠯᠴᠡᠨ ᠢᠷᠡᠪᠡ᠃ ︽ᠳᠡᠯᠡᠬᠡᠢ ᠳ᠋ᠠᠬᠢᠨ ᠢ ᠬᠤᠯᠪᠣᠵᠤ᠂ ᠢᠷᠡᠭᠡᠳᠦᠢ ᠶᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪᠲᠦ 2024 ᠳᠤᠮᠳᠠᠳᠤ ᠤᠯᠤᠰ ︵ᠡᠷᠢᠶᠡᠨ ᠬᠤᠳᠠ︶ ᠤᠨ ᠤᠯᠠᠨ ᠤᠯᠤᠰ ᠤᠨ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠵᠥᠪᠳᠡᠨ ᠬᠡᠯᠡᠯᠴᠡᠬᠦ ᠬᠤᠷᠠᠯ ᠵᠢᠴᠢ ᠦᠵᠡᠰᠬᠦᠯᠡᠩ ᠤᠳᠠᠯ ᠦᠭᠡᠢ ᠡᠬᠢᠯᠡᠬᠦ ᠪᠣᠯᠤᠯ᠎ᠠ᠂ ᠥᠨᠥᠳᠦᠷ ᠪᠢᠳᠡ ᠬᠠᠮᠲᠤ ᠪᠠᠷ ᠦᠵᠡᠰᠬᠦᠯᠡᠩ ᠤᠨ ᠦᠵᠡᠰᠬᠦᠯᠡᠩ ᠤᠨ ᠪᠠᠶᠢᠳᠠᠯ ᠢ ᠰᠣᠨᠢᠷᠬᠠᠭᠤᠯᠬᠤ ᠪᠣᠯᠤᠨ᠎ᠠ᠃      2024 ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠶ ᠠᠷᠠᠯᠵᠢᠶ᠎ᠠ ᠪᠠᠯᠠ ᠣᠷᠣᠭᠤᠯᠤᠯᠲᠠ ᠶᠢᠨ ᠵᠥᠪᠳᠡᠯᠴᠡᠬᠡᠷ ᠤᠨ ᠬᠤᠷᠠᠯ ᠵᠢᠴᠢ ᠦᠵᠡᠰᠬᠦᠯᠡᠩ 8 ᠰᠠᠷ᠎ᠠ ᠶᠢᠨ 19 - 25 ᠤ ᠡᠳᠦᠷ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠨ᠎ᠠ᠃ 8 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠬᠤᠷᠠᠯ ᠤᠨ ᠲᠠᠯᠠᠪᠠᠢ ᠳᠤ ᠣᠷᠣᠵᠤ ᠣᠯᠵᠤ ᠦᠵᠡᠭᠰᠡᠨ ᠨᠢ᠂ ᠡᠯ᠎ᠡ ᠦᠵᠡᠰᠬᠦᠯᠡᠩ ᠤᠨ ᠣᠷᠳᠣᠨ ᠤ ᠳᠡᠯᠭᠡᠨ ᠦᠵᠡᠭᠦᠯᠬᠦ ᠠᠵᠢᠯ ᠶᠠᠭ ᠶᠠᠭᠠᠷᠠᠯᠲᠠᠢ ᠶᠠᠪᠤᠭᠳᠠᠵᠤ᠂ ᠦᠵᠡᠭᠦᠯᠦᠯᠭᠡ ᠶᠢᠨ ᠪᠠᠶᠢᠷᠢ ᠶᠢ ᠪᠠᠶᠢᠭᠤᠯᠤᠭᠰᠠᠨ ᠴᠤ ᠤᠳᠠᠯ ᠦᠭᠡᠢ ᠳᠠᠭᠤᠰᠬᠤ ᠪᠠᠷ ᠪᠠᠶᠢᠨ᠎ᠠ᠃      ᠦᠵᠡᠰᠬᠦᠯᠡᠩ ᠤᠨ ᠣᠷᠳᠣᠨ ᠢ ᠳᠤᠮᠳᠠᠳᠤ ᠤᠯᠤᠰ ᠤᠨ ᠲᠠᠸᠠᠷ ᠤᠨ ᠳᠠᠩᠬᠢᠮ᠂ ᠤᠯᠠᠨ ᠤᠯᠤᠰ ᠤᠨ ᠲᠠᠸᠠᠷ ‍ᠤᠨ‌‍ᠲ᠋ᠠᠩᠬᠢᠮ᠂ ᠰᠢᠨ᠎ᠡ ᠡᠨᠧᠷᠭᠢ ᠶᠢᠨ ᠮᠠᠰᠢᠨ ᠲᠡᠷᠭᠡᠨ ‍ᠤ‌‍ᠲ᠋ᠠᠩᠬᠢᠮ᠂ ᠭᠡᠷ ᠬᠥᠷᠥᠩᠭᠡ ᠶᠢᠨ ᠭᠡᠷ ᠤᠨ ᠴᠠᠬᠢᠯᠭᠠᠨ ᠬᠡᠷᠡᠭᠰᠡᠯ ‍ᠤᠨ‌‍ᠲ᠋ᠠᠩᠬᠢᠮ ᠵᠡᠷᠭᠡ 4 ᠲᠠᠯᠠᠪᠠᠢ ᠳᠠᠩᠬᠢᠮ ᠬᠤᠪᠢᠶᠠᠵᠤ᠂ 400 ᠰᠢᠬᠠᠮ ᠦᠵᠡᠭᠦᠯᠭᠡ ᠶᠢᠨ ᠪᠠᠶᠢᠷᠢ ᠶᠢ ᠲᠥᠯᠥᠪᠵᠢᠭᠦᠯᠵᠦ᠂ ᠳᠣᠮᠳᠠᠳᠦ᠂ ᠣᠷᠣᠰ᠂ ᠮᠣᠩᠭᠤᠯ ᠤᠯᠤᠰ᠂ ᠡᠨᠡᠳᠬᠡᠭ᠂ ᠫᠠᠺᠢᠰᠲ᠋ᠠᠨ ᠵᠡᠷᠭᠡ ᠤᠯᠤᠰ ᠲᠤ ᠢᠷᠡᠭᠰᠡᠨ ᠡᠳᠦᠷ ᠲᠤᠳᠤᠮ ᠤᠨ ᠬᠡᠷᠡᠭᠰᠡᠯ᠂ ᠬᠤᠪᠴᠠᠰᠤ ᠵᠠᠰᠠᠯ᠂ ᠨᠣᠣᠯᠣᠭᠤᠷ ᠠᠷᠠᠰᠤ ᠡᠪᠡᠰᠦ᠂ ᠭᠠᠷ ᠤᠷᠠᠯᠠᠯ ᠤᠨ ᠪᠦᠲᠦᠭᠡᠭᠳᠡᠬᠦᠨ᠂ ᠦᠨᠦᠷᠲᠦ ᠡᠳ᠋᠂ ᠵᠠᠰᠠᠯ ᠴᠢᠮᠡᠭᠯᠡᠯ ᠤᠨ ᠡᠳ᠋᠂ ᠢᠳᠡᠭᠡᠨ ᠵᠡᠷᠭᠡ ᠤᠨᠴᠠᠯᠢᠬᠳᠤ ᠲᠠᠸᠠᠷ ᠪᠤᠢ᠃ ᠲᠤᠬᠠᠶ ᠶᠢᠨ ᠦᠶ᠎ᠡ ᠳᠤ ᠥᠷᠭᠡᠨ ᠣᠯᠠᠨ ᠬᠤᠳᠠᠯᠳᠤᠭᠠᠴᠢᠨ ᠪᠠ ᠣᠯᠠᠨ ᠲᠦᠮᠡᠨ ᠨᠢᠭᠡ ᠥᠷᠲᠡᠭᠡ ᠮᠠᠶ᠋ᠢᠭ ᠤᠨ ︽ᠲᠥᠪᠯᠡᠷᠡᠭᠦᠯᠦᠨ ᠬᠤᠳᠠᠯᠳᠤᠨ ᠠᠪᠬᠤ︾ ᠡᠯ᠎ᠡ ᠤᠯᠤᠰ ᠤᠨ ᠰᠢᠯᠢᠳᠡᠭ ᠲᠠᠸᠠᠷ ᠪᠣᠯᠤᠨ᠎ᠠ᠃      ᠦᠵᠡᠰᠬᠦᠯᠡᠩ ᠤᠨ ᠴᠤᠭᠯᠠᠭᠠᠨ ᠨᠢ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ ᠴᠢᠬᠤᠯᠠ ᠲᠠᠪᠴᠠᠩ ᠪᠣᠯᠬᠤ ᠪᠠᠷ ᠪᠠᠷᠠᠬᠤ ᠦᠭᠡᠢ᠂ ᠪᠠᠰᠠ ᠬᠡᠷᠡᠭᠯᠡᠭᠡ ᠶᠢ ᠠᠬᠢᠭᠤᠯᠬᠤ ᠴᠢᠬᠤᠯᠠ ᠪᠠᠶᠢᠳᠠᠯ ᠪᠣᠯᠤᠨ᠎ᠠ᠃ ᠡᠨᠡ ᠵᠢᠯ ᠤᠨ ︽ᠬᠤᠶᠠᠷ ᠵᠥᠪᠳᠡᠯᠴᠡᠭᠡᠷ ᠤᠨ ᠴᠤᠭᠯᠠᠭᠠᠨ︾ ᠤ ᠬᠤᠭᠤᠴᠠᠭᠠᠨ ᠳᠤ᠂ ᠦᠵᠡᠰᠬᠦᠯᠡᠩ ᠤᠨ ᠴᠤᠭᠯᠠᠭᠠᠨ ᠠᠳᠠᠯᠢ ᠬᠤᠭᠤᠴᠠᠭᠠᠨ ᠳᠤ ᠬᠡᠷ ᠤᠨ ᠴᠠᠬᠢᠯᠭᠠᠨ ᠬᠡᠷᠡᠭᠰᠡᠯ᠂ ᠭᠡᠷ ᠤᠨ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ᠂ ᠡᠯ᠎ᠡ ᠦᠵᠡᠰᠬᠦᠯᠡᠩ ᠤᠨ ᠣᠷᠳᠣᠨ ᠪᠠᠰᠠ ᠤᠯᠠᠨ ᠬᠡᠯᠪᠡᠷᠢ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠡᠮᠡᠭᠳᠡᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号