【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠳᠡᠭᠡᠷ᠎ᠡ ᠬᠠᠭᠠᠰ ᠵᠢᠯ ᠳᠤ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 108.7 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/2
  ᠦᠷᠭᠦᠯᠵᠢᠯᠡᠨ ᠨᠡᠮᠡᠭᠳᠡᠵᠦ ᠪᠠᠶᠢᠭ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠤ ᠳᠠᠷᠤᠯᠲᠠ ᠪᠣᠯᠬᠤ ᠪᠠᠷ ᠪᠠᠷᠠᠬᠤ ᠦᠭᠡᠢ ᠪᠠᠰᠠ ᠴᠤ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠴᠢᠬᠤᠯᠠ ᠭᠠᠷᠳᠠᠴᠠ ᠪᠣᠯᠤᠨ᠎ᠠ᠃ ᠬᠠᠮᠤᠭ ᠤᠨ ᠰᠢᠨ᠎ᠡ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 108.7% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 48.7 ᠵᠠᠭᠤᠨ ᠤ ᠴᠡᠭ ᠨᠡᠮᠡᠭᠳᠡᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃    ᠰᠤᠷᠪᠤᠯᠵᠢᠯᠠᠭᠴᠢ ᠰᠤᠷᠪᠤᠯᠵᠢᠯᠠᠬᠤ ᠳᠤᠮᠳᠠ ᠪᠠᠨ ᠣᠯᠵᠤ ᠮᠡᠳᠡᠭᠰᠡᠨ ᠨᠢ᠂ ᠬᠥᠭᠵᠢᠯᠲᠡ ᠶᠢᠨ ᠵᠢᠷᠤᠭ ᠲᠥᠯᠥᠪᠯᠡᠭᠡ ᠠᠴᠠ ᠨᠢᠭᠡ ᠲᠥᠷᠥᠯ ᠵᠦᠢᠯ ᠬᠦᠷᠲᠡᠯ᠎ᠡ᠂ ᠪᠥᠬᠦ ᠬᠤᠲᠠ ᠪᠠᠷ ᠢᠶᠠᠨ ᠲᠥᠷᠥᠯ ᠵᠦᠢᠯ ᠤᠨ ᠪᠠᠯᠠ ᠣᠷᠣᠭᠤᠯᠤᠯᠲᠠ ᠪᠠᠷ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠠᠪᠴᠢᠷᠠᠭᠰᠠᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠪᠣᠯᠬᠤ ᠪᠥᠭᠡᠳ ᠮᠠᠨ ᠤ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠵᠠᠭᠤ ᠭᠠᠷᠤᠢ ᠶᠢ ᠳᠠᠪᠠᠭ᠋ᠤ ᠬᠦᠴᠦᠲᠡᠢ ᠲᠤᠯᠭᠠᠭᠤᠷᠢᠯᠠᠯ ᠪᠣᠯᠵᠤ ᠪᠠᠶᠢᠨ᠎ᠠ᠃    ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠᠴᠢᠯᠠᠯ ᠳᠣᠤᠷ᠎ᠠ᠂ ᠲᠥᠷᠥᠯ ᠵᠦᠢᠯ ᠢ ᠲᠣᠭᠲᠠᠭᠠᠬᠤ᠂ ᠨᠤᠲᠤᠭ ᠪᠡᠯᠴᠢᠭᠡᠷ ᠤᠨ ᠨᠥᠬᠦᠪᠥᠷᠢ ᠥᠭᠬᠦ᠂ ᠭᠠᠵᠠᠷ ᠰᠢᠷᠣᠶ ᠶᠢᠨ ᠭᠠᠷᠳᠠᠮ ᠭᠦᠢᠴᠡᠳᠬᠡᠬᠦ ᠵᠡᠷᠭᠡ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠶᠢ ᠪᠡᠶᠡᠯᠡᠭᠦᠯᠦᠨ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ︽ᠡᠷᠢᠶᠡᠨ ᠤ ᠰᠢᠨ᠎ᠡ ᠬᠤᠷᠳᠤᠴᠠ︾ ᠶᠢ ᠡᠭᠦᠳᠪᠡ᠃    ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠶᠡᠷᠦᠩᠬᠡᠶ ᠠᠵᠢᠯᠴᠢᠨ ᠵᠠᠩ ᠵᠢᠶᠠᠨ᠄ ︽ᠣᠳᠣᠬᠠᠨ ᠳᠤ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠠᠯᠪᠠᠨ ᠠᠰᠠᠷ᠂ ᠦᠢᠯᠡᠴᠢᠯᠡᠭᠡᠨ ᠤ ᠠᠰᠠᠷ ᠨᠢᠭᠡᠨᠲᠡ ᠣᠷᠣᠶ ᠶᠢ ᠪᠢᠲᠡᠭᠦᠮᠵᠢᠯᠡᠵᠦ᠂ GIS᠂ 35KV ᠴᠠᠬᠢᠯᠭᠠᠨ ᠲᠦᠭᠡᠭᠡᠬᠦ ᠲᠣᠨᠣᠭᠯᠠᠯ ᠤᠨ ᠰᠠᠭᠤᠷᠢ ᠶᠢ ᠡᠬᠢᠯᠡᠨ ᠮᠠᠯᠲᠠᠵᠤ᠂ ᠰᠠᠯᠬᠢᠨ ᠬᠦᠴᠦᠨ ᠤ ᠮᠠᠰᠢᠨ ᠤ ᠰᠠᠭᠤᠷᠢ ᠶᠢ 108 ᠰᠠᠭᠤᠷᠢ ᠮᠠᠯᠲᠠᠵᠤ᠂ 41 ᠰᠠᠭᠤᠷᠢ ᠪᠠᠶᠢᠭᠤᠯᠵᠤ᠂ ᠢᠵᠢ ᠪᠦᠷᠢᠳᠦᠭᠦᠯᠦᠨ ᠬᠦᠷᠭᠡᠬᠦ ᠢᠨᠵᠧᠨᠧᠷᠢᠩ ᠢ ᠵᠡᠷᠭᠡ ᠪᠠᠷ ᠬᠢᠵᠦ ᠪᠠᠶᠢᠨ᠎ᠠ︾ ᠭᠡᠵᠡᠶ᠃    ᠠᠶᠢᠮᠠᠭ ᠬᠤᠲᠠ ᠬᠤᠶᠠᠷ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠤᠲᠠ ᠶᠢᠨ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 1.15 ᠳ᠋ᠦᠩᠰᠢᠭᠤᠷ ᠲᠥᠭᠦᠷᠢᠭ ᠪᠠᠶᠢᠵᠤ᠂ ᠨᠢᠭᠡᠨ ᠡᠭᠦᠳᠡᠨ ᠡᠮᠨᠡᠯᠭᠡ ᠶᠢᠨ ᠡᠮᠨᠡᠯᠭᠡ ᠳᠤ ᠰᠠᠭᠤᠬᠤ ᠠᠰᠠᠷ᠂ ᠭᠠᠵᠠᠷ ᠳᠣᠤᠷᠠᠬᠢ ᠠᠷᠠᠳ ᠤᠨ ᠠᠭᠠᠷ ᠤᠨ ᠰᠡᠷᠭᠡᠶᠢᠯᠡᠯᠲᠡ ᠪᠠ ᠪᠤᠰᠤᠳ ᠢᠵᠢ ᠪᠥᠷᠢᠳᠦᠭᠦᠯᠬᠦ ᠪᠠᠷᠢᠯᠭ᠎ᠠ ᠶᠢ ᠪᠥᠲᠥᠭᠡᠨ ᠪᠠᠶᠢᠭᠤᠯᠵᠤ᠂ ᠣᠳᠣᠬᠠᠨ ᠳᠤ ᠭᠤᠤᠯ ᠴᠣᠭᠴᠠ ᠶᠢᠨ ᠪᠦᠲᠦᠴᠡ ᠨᠢ ᠨᠢᠭᠡᠨᠲᠡ ᠪᠥᠬᠦ ᠲᠠᠯ᠎ᠠ ᠪᠠᠷ ᠳᠡᠭᠡᠳᠦ ᠪᠠᠶᠢᠷᠢ ᠶᠢ ᠪᠢᠲᠡᠭᠦᠮᠵᠢᠯᠡᠵᠦ᠂ ᠵᠠᠰᠠᠵᠤ ᠴᠢᠮᠡᠭᠯᠡᠬᠦ ᠱᠠᠲᠤᠨ ᠳᠤ ᠰᠢᠯᠵᠢᠭᠦᠯᠦᠨ ᠣᠷᠣᠭᠤᠯᠵᠤ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠠᠷᠢᠵᠤ ᠳᠠᠭᠤᠰᠬᠠᠨ᠎ᠠ᠃    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ︽ᠬᠦᠴᠦ ᠬᠠᠳᠠᠭᠠᠯᠠᠬᠤ︾ ᠪᠠ ᠲᠥᠷᠥᠯ ᠵᠦᠢᠯ ᠤᠨ ᠲᠣᠮᠣ ᠭᠠᠷ ᠤᠨ ᠪᠠᠶᠢᠷᠢᠯᠠᠭᠤᠯᠤᠯᠲᠠ ᠶᠢ ᠶᠠᠷᠢᠬᠤ ᠳᠤ᠂ ᠡᠨᠡ ᠵᠢᠯ ᠰᠠᠶ᠋ᠢ ᠡᠬᠢᠯᠡᠵᠦ ᠪᠦᠬᠦ ᠬᠤᠲᠠ ᠪᠠᠷ ᠢᠶᠠᠨ ︽ᠪᠤᠯᠢᠶᠠᠯᠳᠤᠵᠤ︾ ᠢᠷᠡᠭᠡᠳᠦᠢ ᠳᠤ ᠬᠦᠴᠦᠯᠡᠨ ᠰᠢᠪᠲᠤᠯᠤᠯᠲᠠ ᠬᠢᠨ᠎ᠡ᠃ 4 ᠰᠠᠷ᠎ᠠ ᠳᠤ᠂ ᠮᠠᠨ ᠤ ᠬᠤᠲᠠ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠠᠵᠢᠯᠯᠠᠭ᠎ᠠ ᠥᠷᠨᠢᠭᠦᠯᠵᠦ᠂ ᠡᠷᠡᠯᠬᠡᠭᠯᠡᠨ ᠤᠷᠤᠭᠰᠢᠯᠠᠬᠤ ︽ᠵᠠᠷᠯᠢᠭ︾ ᠭᠠᠷᠭᠠᠪᠠ᠃ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠤᠬᠢᠷᠠᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 114.54 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠪᠡᠯᠡ ᠣᠷᠣᠭᠤᠯᠤᠯᠲᠠ ᠨᠢ 57.67 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠬᠦᠴᠦᠷᠬᠡᠭ ᠬᠥᠳᠡᠯᠭᠡᠭᠦᠷ︾ ᠪᠠ ︽ᠬᠠᠲᠠᠭᠤ ᠲᠤᠯᠭᠠᠭᠤᠷᠢᠯᠠᠯ︾ ᠪᠣᠯᠭᠠᠬᠤ ᠪᠠᠷ ᠲᠥᠯᠥᠪᠯᠡᠵᠦ ᠪᠠᠶᠢᠨ᠎ᠠ᠃    ᠨᠢᠭᠡᠨᠲᠡ ᠠᠵᠢᠯ ᠡᠬᠢᠯᠡᠭᠦᠯᠦᠭᠰᠡᠨ ᠮᠥᠷᠲᠡᠭᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠭᠰᠠᠨ ᠪᠠᠶᠢᠳᠠᠯ ᠳᠣᠤᠷ᠎ᠠ᠂ ︽ᠲᠦᠷᠭᠡᠨ︾ ᠪᠣᠯ ᠬᠤᠪᠢᠷᠠᠰᠢ ᠥᠬᠡᠶ ᠬᠥᠭᠡᠭᠡᠴᠡᠯᠳᠦᠯ ᠮᠥᠨ᠃ ᠮᠠᠨ ᠤ ᠬᠤᠲᠠ ᠬᠦᠴᠦᠨ ᠢᠶᠠᠨ ᠲᠥᠪᠯᠡᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠮᠥᠷᠳᠡᠨ ᠱᠠᠯᠠᠪᠳᠠᠭᠤᠯᠤᠨ ᠬᠦᠢᠴᠡᠳᠬᠡᠬᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠷᠢᠯᠢᠭ ᠣᠨᠣᠴᠠᠲᠠᠶ ᠪᠠᠷ ᠦᠢᠯᠡᠴᠢᠯᠡᠬᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠥᠷᠥᠯ ᠵᠦᠢᠯ ᠤᠨ ᠪᠠᠲᠤᠯᠠᠭ᠎ᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠨᠢᠭᠡᠴᠡ ᠶᠢ ᠬᠠᠪᠰᠤᠷᠤᠨ ᠭᠠᠵᠠᠷ ᠰᠢᠷᠣᠶ᠂ ᠪᠠᠯᠠ ᠮᠥᠩᠭᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠬᠦᠰᠡᠯ ᠡᠷᠡᠮᠡᠯᠵᠡᠯ ᠢ ᠠᠪᠴᠢᠷᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号