ᠦᠪᠦᠷ ᠮᠤᠩᠭᠤᠯ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠨᠢ ᠭᠤᠸᠠᠩᠳᠦ᠋ᠩ ᠮᠤᠵᠢ ᠶᠢᠨ ᠠᠷᠠᠯᠵᠢᠶ᠎ᠠ ᠶᠢ ᠠᠬᠢᠭᠤᠯᠬᠤ ᠵᠦᠪᠯᠡᠯ ᠲᠠᠢ ᠡᠷᠢᠶᠡᠨ ᠬᠤᠲᠠ ᠳᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/8/20
        8 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠨᠢ ᠭᠤᠸᠠᠩᠳᠦ᠋ᠩ ᠮᠤᠵᠢ ᠶᠢᠨ ᠠᠷᠠᠯᠵᠢᠶ᠎ᠠ ᠶᠢ ᠠᠬᠢᠭᠤᠯᠬᠤ ᠵᠦᠪᠯᠡᠯ ᠲᠠᠢ ᠮᠠᠨ ᠤ ᠬᠤᠳᠠ ᠳᠤ ᠰᠠᠭᠤᠳᠠᠯ ᠤᠨ ᠬᠤᠷᠠᠯ ᠬᠢᠪᠡ᠃     ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠠᠷᠠᠯᠵᠢᠶ᠎ᠠ ᠶᠢ ᠬᠠᠮᠲᠤ ᠪᠠᠷ ᠰᠦᠪᠡᠭᠴᠢᠯᠡᠬᠦ᠂ ᠠᠵᠢᠯ ᠤᠨ ᠬᠥᠭᠵᠢᠯᠲᠡ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ ᠵᠠᠷᠴᠢᠮ ᠢ ᠪᠠᠷᠢᠮᠲᠠᠯᠠᠵᠤ᠂ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠶ ᠡᠷᠢᠯᠬᠢᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠵᠢᠷᠤᠭᠯᠠᠬᠤ ᠪᠤᠯᠤᠨ᠎ᠠ᠃ ᠬᠤᠶᠠᠷ ᠲᠠᠯ᠎ᠠ ᠪᠠᠷ ᠢᠶᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠢ᠂ ᠭᠤᠸᠠᠩᠵᠧᠦ ᠬᠤᠲᠠ ᠶᠢᠨ ᠠᠵᠤ ᠠᠬᠤᠶ ᠬᠥᠭᠵᠢᠭᠰᠡᠨ᠂ ᠬᠥᠮᠦᠨ ᠠᠮᠠ ᠨᠢᠭᠲᠠᠷᠠᠭᠰᠠᠨ᠂ ᠬᠤᠶᠠᠷ ᠭᠠᠵᠠᠷ ᠤᠨ ᠠᠵᠤ ᠦᠢᠯᠡᠰ ᠤᠨ ᠦᠢᠯᠡᠳᠬᠦᠨ ᠨᠢ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ ᠴᠢᠳᠠᠨ᠎ᠠ ᠭᠡᠵᠦ ᠦᠵᠡᠪᠡ᠃ ᠡᠷᠢᠶᠡᠨ ᠬᠤᠲᠠ ᠶᠢᠨ ᠣᠯᠠᠨ ᠤᠯᠤᠰ ᠤᠨ ᠠᠵᠤ ᠠᠬᠤᠶ ᠠᠷᠠᠯᠵᠢᠶ᠎ᠠ ᠪᠠᠯᠠ ᠣᠷᠣᠭᠤᠯᠤᠯᠲᠠ ᠶᠢᠨ ᠵᠥᠪᠳᠡᠯᠴᠡᠬᠡᠷ ᠤᠨ ᠬᠤᠷᠠᠯ ᠤᠨ ᠠᠵᠠ ᠲᠣᠬᠢᠶᠠᠯ ᠢ ᠠᠰᠢᠭᠯᠠᠨ᠂ ᠬᠤᠶᠠᠷ ᠭᠠᠵᠠᠷ ᠤᠨ ᠬᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠭᠠᠵᠠᠷ ᠤᠨ ᠠᠵᠤ ᠠᠬᠤᠶ ᠠᠷᠠᠯᠵᠢᠶ᠎ᠠ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠷᠠᠯᠵᠢᠶᠠᠨ ᠤ ᠠᠬᠢᠭᠤᠯᠬᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号