ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ    ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ ᠬᠡᠷᠡᠭᠯᠡᠬᠦᠷ ᠢ 40 ᠲᠦᠮᠡ ᠳᠠᠪᠠᠪᠠ
ᠨᠡᠶᠢᠲᠡᠯᠡᠭᠰᠡᠨ ᠴᠠᠭ᠄
2024/8/23
 
     ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠠᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠯᠳᠠ ᠶᠢᠨ ᠥᠷᠲᠡᠭᠡ ᠠᠴᠠ ᠣᠢᠯᠠᠭᠠᠭᠰᠠᠨ ᠢᠶᠠᠷ᠂ 8 ᠰᠠᠷ᠎ᠠ ᠶᠢᠨ 18 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠵᠠᠮ ᠬᠠᠷᠢᠯᠴᠠᠭᠠᠨ ᠤ ᠪᠠᠭᠠᠵᠢ ᠬᠡᠷᠡᠭᠯᠡᠭᠦᠷ 40.1 ᠲᠦᠮᠡ ︵ᠡᠩᠨᠡᠭᠡ︶ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19 ᠪᠠᠷ ᠨᠡᠮᠡᠭᠳᠡᠵᠡᠢ᠃      8 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠱᠧᠩ ᠯᠢ ᠴᠢᠯᠠᠭᠤᠨ ᠲᠣᠰᠣᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯ ᠤᠨ ᠢᠨᠵᠧᠨᠧᠷᠢᠩ ᠤᠨ ᠠᠩᠭᠢ ᠵᠢᠴᠢ ᠪᠠᠷᠢᠯᠭ᠎ᠠ ᠶᠢᠨ ᠲᠡᠷᠭᠡ ᠬᠥᠰᠬᠡ ᠪᠣᠯᠤᠨ ᠲᠥᠬᠦᠭᠡᠷᠦᠮᠵᠢ ᠶᠢ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠬᠢᠯᠢ  ᠪᠠᠷ ᠭᠠᠷᠭᠠᠪᠠ᠃ ᠡᠷᠢᠶᠡᠨ ᠬᠤᠲᠠ ᠶᠢᠨ ᠬᠢᠯᠢ ᠶᠢᠨ ᠰᠢᠯᠭᠠᠨ ᠪᠠᠶᠢᠴᠠᠭᠠᠬᠤ ᠥᠷᠲᠡᠭᠡ ᠨᠢ ᠪᠠᠷᠢᠯᠭ᠎ᠠ ᠶᠢᠨ ᠠᠩᠭᠢ ᠶᠢᠨ ᠲᠡᠷᠭᠡ ᠣᠯᠠᠨ᠂ ᠪᠣᠭᠤᠮᠲᠠ ᠪᠠᠷ ᠥᠩᠭᠡᠷᠡᠬᠦ ᠲᠥᠪᠯᠡᠷᠡᠭᠰᠡᠨ ᠪᠠᠶᠢᠳᠠᠯ ᠳᠤ ᠴᠢᠭᠯᠡᠭᠦᠯᠦᠨ᠂ ︽ᠨᠢᠭᠡ ᠪᠦᠰᠡ ᠨᠢᠭᠡ ᠵᠠᠮ︾ ᠤᠨ ᠲᠤᠰᠬᠠᠢ ᠨᠡᠪᠲᠡᠷᠡᠬᠦ ᠵᠠᠮ ᠢ ᠨᠡᠭᠡᠭᠡᠵᠦ᠂ ᠲᠤᠰᠬᠠᠢ ᠬᠥᠮᠥᠨ ᠲᠣᠬᠢᠷᠠᠭᠤᠯᠤᠨ ᠪᠠᠶᠢᠴᠠᠭᠠᠨ ᠰᠢᠯᠭᠠᠵᠤ ᠥᠩᠭᠡᠷᠡᠭᠦᠯᠵᠦ᠂ ᠵᠥᠪᠬᠡᠨ 15 ᠮᠢᠨᠦ᠋ᠲ ᠲᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠵᠦ᠂ ᠲᠡᠷᠭᠡᠨ ᠠᠩᠭᠢ ᠶᠢᠨ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠤᠯᠤᠰ ᠤᠨ ᠡᠭᠦᠳᠡᠨ ᠠᠴᠠ ᠭᠠᠷᠬᠤ ᠳᠤ ᠬᠦᠴᠦᠨ ᠨᠡᠮᠡᠷᠢᠯᠡᠨ᠎ᠡ᠃       8 ᠲᠡᠷᠭᠡ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢ ᠪᠣᠭᠤᠮᠲᠠ ᠪᠠᠷ ᠥᠩᠭᠡᠷᠡᠭᠦᠯᠬᠦ᠂ ᠵᠠᠰᠠᠮᠠᠯ ᠵᠠᠮ ᠤᠨ ᠪᠣᠭᠤᠮᠲᠠ ᠳᠤ 24 ᠴᠠᠭ ᠢᠶᠠᠷ ᠪᠠᠷᠠᠭᠠᠨ ᠤ ᠲᠡᠭᠡᠭᠡᠪᠦᠷᠢ ᠪᠣᠭᠤᠮᠲᠠ ᠪᠠᠷ ᠨᠡᠪᠲᠡᠷᠡᠭᠰᠡᠨ ᠠᠴᠠ ᠨᠠᠰᠢ᠂ ᠡᠷᠢᠶᠡᠨ ᠪᠣᠭᠤᠮᠲᠠ ᠪᠠᠷ ᠲᠡᠷᠭᠡ ᠴᠤᠪᠤᠷᠠᠵᠤ᠂ ᠡᠳᠦᠷ ᠪᠦᠷᠢ 2000 ᠭᠠᠷᠤᠢ ᠵᠠᠮ ᠬᠠᠷᠢᠯᠴᠠᠭᠠᠨ ᠤ ᠪᠠᠭᠠᠵᠢ ᠶᠢ ᠪᠠᠶᠢᠴᠠᠭᠠᠨ ᠰᠢᠯᠭᠠᠵᠠᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ ᠨᠢ ᠶᠡᠭᠡ ᠬᠡᠮᠵᠢᠶᠡᠨ ᠤ ᠠᠭᠤᠷᠬᠠᠢ ᠶᠢᠨ ᠪᠦᠲᠦᠭᠡᠭᠳᠡᠬᠦᠨ᠂ ᠮᠠᠰᠢᠨ ᠲᠥᠬᠦᠭᠡᠷᠦᠮᠵᠢ᠂ ᠲᠠᠷᠢᠶᠠᠯᠠᠩ ᠤᠨ ᠪᠦᠲᠦᠭᠡᠭᠳᠡᠬᠦᠨ᠂ ᠡᠳᠦᠷ ᠲᠤᠳᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠡᠷᠭᠡ ᠶᠢ ᠬᠠᠮᠤᠷᠤᠨ᠎ᠠ᠃      ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠶᠢᠨ ᠳᠣᠯᠠᠳᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ 6 ᠰᠠᠷ᠎ᠠ ᠶᠢᠨ 24 ᠴᠠᠭ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠣᠭᠤᠮᠲᠠ ᠶᠢᠨ ᠳᠠᠭᠠᠭᠠᠴᠠ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠶᠡᠭᠡ ᠬᠡᠮᠵᠢᠶ᠎ᠡ ᠪᠠᠷ ᠣᠷᠣᠵᠤ ᠭᠠᠷᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号