ᠪᠦᠬᠦ ᠠᠷᠠᠳ ᠢᠶᠠᠷ ᠢᠶᠠᠨ ᠲᠦᠮᠡᠨ ᠭᠠᠵᠠᠷ ᠤᠨ ᠴᠠᠢ ᠶᠢᠨ ᠶᠤᠰᠤ ᠪᠠᠷ ᠰᠣᠶᠣᠯ ᠤᠨ ᠥᠪ ᠢ ᠡᠷᠡᠮᠡᠯᠵᠡᠯᠡᠵᠦ ︽ᠹᠦ᠋ ᠯᠢᠶᠠᠩ ᠴᠠᠢ ᠶᠢᠨ ᠬᠤᠨᠳᠠᠭᠠᠲᠤ︾ 2024 ᠣᠨ ᠤ ᠳᠤᠮᠳᠠᠳᠤ ᠤᠯᠤᠰ ᠤᠨ ᠲᠡᠷᠭᠡ ᠵᠢᠯᠣᠭᠤᠳᠤᠨ ᠵᠤᠭᠠᠴᠠᠬᠤ ᠤᠷᠤᠯᠳᠤᠭᠠᠨ ᠤ ᠤᠯᠤᠰ ᠤᠨ ᠳᠣᠲᠣᠭᠠᠳᠤ ᠶᠢᠨ ᠤᠷᠤᠯᠳᠤᠭᠠᠨ ᠮᠠᠨ ᠤ ᠬᠤᠲᠠ ᠳᠤ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/8/23
   ᠲᠦᠮᠡᠨ ᠭᠠᠵᠠᠷ ᠤᠨ ᠴᠠᠢ ᠶᠢᠨ ᠵᠠᠮ ᠢᠶᠠᠷ᠂ ᠮᠥᠷ ᠮᠥᠷ ᠢᠶᠠᠷ  ᠣᠷᠣᠭᠰᠢᠯᠠᠵᠦ᠂ 11 ᠡᠳᠦᠷ ᠥᠩᠭᠡᠷᠡᠵᠦ᠂ 3000 ᠺᠢᠯᠣᠮᠧᠲᠷ ᠠᠶᠠᠯᠠᠵᠤ᠂ 8 ᠰᠠᠷ᠎ᠠ ᠶᠢᠨ 20 ᠤ ᠡᠳᠦᠷ᠂ ︽ᠲᠡᠦᠬᠡ ᠶᠢ ᠮᠡᠳᠡᠷᠡᠵᠦ ᠳᠤᠮᠳᠠᠳᠤ ᠤᠯᠤᠰ ᠢᠶᠠᠷ  ᠠᠶᠠᠯᠠᠵᠦ᠂ ᠲᠦᠮᠡᠨ ᠭᠠᠵᠠᠷ ᠤᠨ ᠴᠠᠢ ᠶᠢᠨ ᠵᠠᠮ ᠢ ᠰᠣᠶᠣᠯ ᠤᠨ ᠥᠪ ᠪᠣᠯᠭᠠᠬᠤ ᠪᠠᠷ ᠭᠤᠶᠤᠴᠢᠯᠠᠬᠤ︾᠂ ︽ᠹᠦ ᠯᠢᠶᠠᠩ ᠴᠠᠢ ᠬᠤᠨᠳᠠᠭᠠᠲᠤ︾ 2024 ᠣᠨ ᠤ ᠳᠤᠮᠳᠠᠳᠤ ᠤᠯᠤᠰ ᠤᠨ ᠥᠪᠡᠷ ᠢᠶᠠᠨ ᠲᠡᠷᠭᠡ ᠵᠢᠯᠣᠭᠤᠳᠴᠤ ᠬᠦᠴᠦ ᠨᠡᠮᠡᠵᠡᠢ᠃ 8 ᠰᠠᠷ᠎ᠠ ᠶᠢᠨ 21 ᠤ ᠡᠳᠦᠷ᠂ ᠭᠤᠤᠯᠯᠠᠨ ᠡᠷᠭᠢᠯᠡᠬᠦ ᠲᠠᠯ᠎ᠠ ᠶᠢᠨ ᠬᠢᠨ ᠠᠪᠤᠷᠭᠤ ᠭᠦᠷᠪᠡᠯ ᠤᠨ ᠠᠭᠤᠳᠠᠮ ᠲᠠᠯᠠᠪᠠᠶ ᠳᠤ ᠱᠠᠩᠨᠠᠯ ᠣᠯᠭᠤᠬᠤ ᠶᠣᠰᠣᠯᠠᠯ ᠵᠢᠴᠢ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠮᠤᠵᠢ ︵ᠣᠷᠣᠨ︶ ᠶᠢᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠢᠪᠠ᠃    ᠲᠤᠬᠠᠶ ᠶᠢᠨ ᠲᠠᠯᠠᠪᠠᠢ ᠳᠤ᠂ ᠮᠠᠨ ᠤ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠳᠠᠭᠤᠯᠠᠨ ᠪᠥᠵᠢᠭᠯᠡᠵᠦ᠂ ᠳᠠᠭᠤᠤ ᠪᠥᠵᠢᠭ ᠢᠶᠠᠷ ᠨᠠᠢᠮᠠᠨ ᠵᠣᠪᠬᠢᠰ ᠤᠨ ᠵᠣᠴᠢᠳ ᠢ ᠪᠠᠶᠠᠷᠯᠠᠨ ᠤᠭᠲᠤᠵᠤ᠂ ᠳᠠᠭᠤᠤ ᠬᠥᠭᠵᠢᠮ ᠢᠶᠠᠷ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠠᠮᠵᠢᠭᠤᠯᠵᠤ᠂ ᠣᠯᠠᠨ ᠳᠤ ᠨᠢᠭᠡ ᠤᠳᠠᠭᠠᠨ ᠤ ᠬᠢᠯᠢ ᠬᠢᠵᠠᠭᠠᠷ ᠤᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃    ᠨᠢᠭᠡ ᠵᠠᠮ ᠰᠠᠯᠬᠢ ᠪᠣᠷᠣᠭᠠᠨ ᠬᠤᠯᠢᠯᠳᠤᠨ ᠣᠷᠣᠵᠤ᠂  ᠳᠡᠷᠭᠡᠨ ᠵᠢᠭᠤᠯᠴᠢᠯᠠᠯ ᠤᠨ ᠠᠩᠬᠢ 8 ᠰᠠᠷ᠎ᠠ ᠶᠢᠨ 11 ᠤ ᠡᠳᠦᠷ ᠵᠢᠩ ᠳ᠋ᠧ ᠵᠧᠨ ᠬᠤᠲᠠ ᠶᠢᠨ ᠹᠦ᠋ ᠯᠢᠶᠠᠩ ᠰᠢᠶᠠᠨ ᠠᠴᠠ ᠮᠣᠷᠳᠠᠵᠤ᠂ ᠵᠢᠶᠠᠩᠰᠢ᠂ ᠬᠤᠪᠧᠶ᠂ ᠾᠧᠨᠠᠨ᠂ ᠱᠠᠨ ᠰᠢ ᠵᠡᠷᠭᠡ ᠭᠠᠵᠠᠷ ᠢᠶᠠᠷ ᠥᠩᠭᠡᠷᠡᠵᠦ᠂ ᠵᠠᠮ ᠳᠠᠭᠠᠤ ᠲᠦᠮᠡᠨ ᠭᠠᠵᠠᠷ ᠤᠨ ᠴᠠᠢ ᠶᠢᠨ ᠵᠠᠮ ᠡᠯᠪᠡᠭ᠂ ᠭᠦᠨ ᠵᠤᠵᠠᠭᠠᠨ ᠲᠡᠦᠬᠡ ᠰᠣᠶᠣᠯ ᠢ ᠰᠡᠷᠡᠵᠦ ᠮᠡᠳᠡᠵᠡᠢ᠃ ᠲᠠᠮᠢᠷᠴᠢᠨ ᠤ ᠣᠮᠣᠭᠰᠢᠯ ᠪᠠ ᠴᠢᠷᠮᠠᠶᠢᠯᠲᠠ ᠨᠢ ᠡᠨᠡ ᠤᠳᠠᠭᠠᠨ ᠤ ᠠᠶᠠᠯᠠᠯ ᠳᠤ  ᠨᠠᠮᠠᠷᠢ ᠪᠣᠯᠵᠠᠢ᠃ ᠤᠯᠤᠰ ᠤᠨ ᠳᠣᠲᠣᠭᠠᠳᠤ ᠶᠢᠨ ᠤᠷᠤᠯᠳᠤᠭᠠᠨ ᠤ ᠡᠴᠦᠰ ᠤᠨ ᠥᠷᠲᠡᠭᠡ ᠡᠷᠢᠶᠡᠨ ᠬᠤᠲᠠ ᠳᠤ ᠲᠣᠰ ᠤᠳᠠᠭᠠᠨ ᠤ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠤᠷᠤᠯᠳᠤᠭᠠᠨ ᠤ ᠭᠡᠷ ᠲᠡᠷᠭᠡᠨ ᠤ ᠳᠤᠭᠤᠶᠢᠯᠠᠩ᠂ ᠮᠠᠰᠢᠨ ᠲᠡᠷᠭᠡᠨ ᠤ ᠳᠤᠭᠤᠶᠢᠯᠠᠩ ᠤᠨ ᠶᠡᠷᠦᠩᠬᠡᠶ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠᠨ ᠨᠡᠷᠡᠰ ᠲᠤ ᠢᠷᠠᠭᠤ ᠠᠯᠳᠠᠷ ᠤᠨ ᠱᠠᠩᠨᠠᠯ ᠤᠨ ᠬᠤᠨᠳᠠᠭ᠎ᠠ ᠵᠢᠴᠢ ᠦᠨᠡᠮᠯᠡᠯ ᠣᠯᠭᠤᠭᠰᠠᠨ ᠪᠥᠭᠡᠳ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠣᠯᠭᠤᠪᠠ᠃ ᠡᠭᠦᠨ ᠤ ᠬᠠᠮᠲᠤ ᠪᠠᠰᠠ ᠤᠷᠤᠯᠳᠤᠭᠠᠨ ᠳᠠᠭᠤᠰᠤᠭᠰᠠᠨ ᠪᠤᠢ ᠪᠦᠬᠦᠢ ᠲᠡᠷᠭᠡᠨ ᠨᠠᠶᠢᠵᠠ ᠳᠤ ᠤᠷᠤᠯᠳᠤᠭᠠᠨ ᠤ ᠳᠤᠷᠠᠰᠬᠠᠯ ᠤᠨ ᠱᠠᠩᠨᠠᠯ ᠤᠨ ᠮᠧᠳᠠᠯ ᠣᠯᠭᠤᠵᠤ᠂ ᠡᠨᠡᠬᠦ ᠮᠠᠷᠲᠠᠭᠳᠠᠰᠢ ᠦᠭᠡᠢ ᠤᠯᠤᠰ ᠤᠨ ᠳᠣᠲᠣᠭᠠᠳᠤ ᠶᠢᠨ ᠠᠶᠠᠨ ᠵᠠᠮ ᠤᠨ ᠵᠢᠷᠤᠭ ᠲᠤ ᠲᠡᠭᠦᠰ ᠠᠮᠵᠢᠯᠲᠠ ᠲᠠᠢ ᠲᠡᠭᠦᠰᠴᠡᠢ᠃    ᠴᠠᠢ ᠪᠠᠷ ᠵᠠᠭᠤᠴᠢ ᠪᠣᠯᠭᠠᠵᠤ᠂ ᠸᠠᠨ ᠯᠢ ᠴᠠᠢ ᠶᠢᠨ ᠵᠠᠮ ᠳᠠᠭᠠᠤ ᠬᠤᠳᠠ ᠲᠠᠢ ᠲᠠᠨᠢᠯᠴᠠᠵᠤ ᠰᠠᠨᠠᠯ ᠢᠶᠠᠨ ᠰᠣᠯᠢᠯᠴᠠᠳᠠᠭ᠃ ᠲᠠᠨᠢᠯᠴᠠᠭᠤᠯᠬᠤ ᠬᠤᠷᠠᠯ ᠳᠡᠭᠡᠷ᠎ᠡ᠂ ᠹᠦ᠋ ᠯᠢᠶᠠᠩ ᠰᠢᠶᠠᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠳᠠᠷᠤᠭ᠎ᠠ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠠᠨᠢᠯᠴᠠᠭᠤᠯᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠸᠠᠨ ᠯᠢ ᠴᠠᠢ ᠶᠢᠨ ᠵᠠᠮ ᠳᠠᠭᠠᠤ ᠶᠢᠨ 9 ᠮᠤᠵᠢ ︵ᠣᠷᠣᠨ︶ ᠶᠢᠨ ᠰᠣᠶᠣᠯ ᠵᠢᠭᠤᠯᠴᠢᠯᠠᠯ ᠤᠨ ᠲᠢᠩᠬᠢᠮ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠭᠡᠮᠯᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠵᠢᠭᠤᠯᠴᠢᠯᠠᠯ ᠤᠨ ᠲᠤᠰᠬᠠᠶ ᠵᠥᠪᠯᠡᠯ᠂ ᠬᠤᠪᠧᠶ ᠮᠤᠵᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠲᠥᠪ᠂ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠨ᠎ᠡ᠃    2019 ᠣᠨ ᠤ 3 ᠰᠠᠷ᠎ᠠ ᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ︽ᠲᠦᠮᠡᠨ ᠭᠠᠵᠠᠷ ᠤᠨ ᠴᠠᠢ ᠶᠢᠨ ᠵᠠᠮ︾ ᠢ ᠵᠢᠩᠬᠢᠨᠢ ᠪᠠᠷ ︽ᠳᠤᠮᠳᠠᠳᠤ ᠤᠯᠤᠰ ᠤᠨ ᠳᠡᠯᠡᠬᠡᠶ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ︾ ᠲᠤ ᠣᠷᠣᠭᠤᠯᠵᠤ᠂ ᠡᠷᠲᠡᠨ ᠤ ᠴᠠᠢ ᠶᠢᠨ ᠠᠶᠠᠨ ᠤ ᠰᠢᠨ᠎ᠡ ᠠᠭᠤᠯᠤᠭᠳᠠᠬᠤᠨ ᠣᠯᠭᠤᠪᠠ᠃ ᠣᠳᠣᠬᠠᠨ ᠳᠤ᠂ ᠬᠢᠲᠠᠳ ᠮᠣᠩᠭᠤᠯ ᠣᠷᠣᠰ ᠤᠨ ᠭᠤᠷᠪᠠᠨ ᠤᠯᠤᠰ ᠬᠤᠯᠪᠣᠭᠠᠯᠠᠨ ᠥᠪ ᠢᠶᠠᠷ ᠮᠡᠳᠡᠭᠦᠯᠬᠦ ᠠᠵᠢᠯ ᠢ ᠢᠳᠡᠪᠬᠢᠲᠡᠢ ᠠᠬᠢᠭᠤᠯᠵᠤ ᠪᠠᠶᠢᠨ᠎ᠠ᠃ ᠤᠯᠠᠨ ᠤ ᠬᠠᠮᠲᠤ ᠶᠢᠨ ᠭᠡᠷᠡᠴᠢᠯᠡᠭᠡ ᠪᠠᠷ᠂ ᠲᠤᠬᠠᠢ ᠶᠢᠨ ᠲᠠᠯᠠᠪᠠᠢ ᠳᠤ 2024 ᠣᠨ ᠳᠤ ᠳᠤᠮᠳᠠᠳᠤ ᠮᠣᠩᠭᠤᠯ ᠤᠷᠤᠰ ᠤᠨ ᠲᠦᠮᠡᠨ ᠭᠠᠵᠠᠷ ᠤᠨ ᠴᠠᠢ ᠶᠢᠨ ᠵᠠᠮ ᠤᠨ ᠰᠣᠶᠣᠯ ᠤᠨ ᠥᠪ ᠢᠶᠠᠷ ᠰᠢᠨᠵᠢᠯᠡᠨ ᠪᠠᠶᠢᠴᠠᠭᠠᠬᠤ ᠵᠢᠴᠢ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠶᠣᠰᠣᠯᠠᠯ ᠶᠠᠪᠤᠭᠤᠯᠵᠤ᠂ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠠᠩᠭᠢ ᠶᠢᠨ ᠬᠢᠨ ᠳᠠᠬᠢᠨᠲᠠ ᠮᠣᠷᠳᠠᠵᠤ᠂ ᠤᠮᠠᠷᠠᠰᠢ ᠠᠶᠠᠯᠠᠵᠤ᠂ ᠬᠤᠯᠠ ᠠᠴᠠ ᠮᠣᠩᠭᠤᠯ ᠤᠯᠤᠰ ᠤᠨ ᠤᠯᠠᠭᠠᠨᠪᠠᠭᠠᠲᠤᠷ᠂ ᠣᠷᠣᠰ ᠤᠨ ᠢᠷᠺᠦ᠋ᠼᠺ ᠵᠡᠷᠭᠡ ᠭᠠᠵᠠᠷ ᠲᠤ ᠬᠦᠷᠴᠦ᠂ ᠲᠦᠮᠡᠨ ᠭᠠᠵᠠᠷ ᠤᠨ ᠴᠠᠢ ᠶᠢᠨ ᠶᠣᠰᠣ ᠶᠢ ᠤᠯᠠᠮᠵᠢᠯᠠᠨ ᠳᠡᠯᠭᠡᠷᠡᠭᠦᠯᠬᠦ ᠠᠵᠢᠯ ᠢ ᠠᠬᠢᠭᠤᠯᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号