︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠤᠯ ᠵᠤᠭᠠᠴᠠᠯ ᠤᠨ ᠨᠠᠶᠢᠷ ᠠᠪᠤᠷᠭᠤ ᠬᠦᠷᠪᠡᠯ ᠤᠨ ᠠᠭᠤᠳᠠᠮ ᠲᠠᠯᠠᠪᠠᠢ ᠳᠤ  ᠶᠠᠪᠣᠭᠳᠠᠪᠠ
ᠨᠡᠶᠢᠲᠡᠯᠡᠭᠰᠡᠨ ᠴᠠᠭ᠄
2024/8/26
     ᠳᠤᠮᠳᠠᠳᠤ ᠤᠯᠤᠰ ᠤᠨ ᠡᠷᠲᠡᠨ ᠤ ᠰᠣᠩᠭᠤᠳᠠᠭ ᠶᠣᠰᠣᠯᠠᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠬᠦ ᠶᠢᠨ ᠳᠣᠯᠠᠳᠠ᠂ 8 ᠰᠠᠷ᠎ᠠ ᠶᠢᠨ 21 ᠤ ᠡᠳᠦᠷ ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ  — ᠡᠷᠢᠶᠡᠨ ᠬᠤᠲᠠ ᠶᠢᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠨᠠᠢᠮᠠᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠰᠣᠶᠣᠯ ᠤᠷᠠᠯᠢᠭ ᠤᠨ ᠨᠠᠶᠢᠷ ᠠᠪᠤᠷᠭᠤ ᠬᠦᠷᠪᠡᠯ ᠤᠨ ᠠᠭᠤᠳᠠᠮ ᠲᠠᠯᠠᠪᠠᠢ ᠳᠤ  ᠶᠠᠪᠣᠭᠳᠠᠪᠠ᠃     ᠲᠤᠬᠠᠢ ᠶᠢᠨ ᠲᠠᠯᠠᠪᠠᠢ ᠳᠤ᠂ ᠲᠣᠭᠯᠠᠭᠴᠢᠳ ᠵᠠᠭᠤᠨ ᠣᠪᠣᠭᠲᠤ ᠶᠢᠨ ᠶᠣᠰᠣᠯᠠᠯ᠂ ᠲᠣᠭᠤᠷᠢᠭ ᠣᠨᠢᠰᠤ ᠶᠢᠨ ᠶᠣᠰᠣᠯᠠᠯ ᠂ ᠰᠦᠩ ᠤᠯᠤᠰ ᠤᠨ ᠲᠠᠭᠲᠤ ᠶᠢᠨ ᠶᠣᠰᠣᠯᠠᠯ᠂ ᠢᠯᠡ ᠲᠦᠷᠢᠮᠲᠦ ᠬᠤᠷᠢᠮ ᠤᠨ ᠶᠣᠰᠣᠯᠠᠯ ᠵᠡᠷᠭᠡ ᠶᠢ ᠲᠣᠭᠯᠠᠪᠠ᠃ ᠲᠣᠭᠯᠠᠭᠴᠢᠳ ᠨᠠᠷᠢᠨ ᠵᠦᠢᠯᠡᠰ ᠨᠢᠭᠡᠪᠦᠷᠢ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠭᠦᠯᠵᠦ ᠴᠢᠳᠠᠭᠰᠠᠨ ᠪᠠᠶᠢᠨ᠎ᠠ᠃ ᠲᠡᠳᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠣᠭᠤᠮᠲᠠ ᠶᠢᠨ ᠬᠤᠳᠠ ᠶᠢᠨ ᠠᠷᠠᠳ ᠲᠤ ᠳᠡᠯᠭᠡᠨ ᠦᠵᠡᠭᠦᠯᠵᠦ᠂ ᠤᠯᠠᠨ ᠳᠤ ᠨᠢᠭᠡ ᠤᠳᠠᠭᠠᠨ ᠤ ᠥᠪᠡᠷᠮᠢᠴᠡ ᠪᠠᠶᠢᠳᠠᠯ᠂ ᠪᠣᠯᠪᠠᠰᠤᠨ ᠡᠷᠡᠭᠦᠯ ᠴᠢᠭᠢᠷᠠᠭ᠂ ᠳᠥᠭᠦᠮ ᠣᠶᠢᠯᠠᠭᠠᠮᠵᠢᠲᠠᠶ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ᠂ ᠬᠤᠳᠠ ᠶᠢᠨ ᠠᠷᠠᠳ ᠲᠤ ᠢᠳᠡᠪᠬᠢ ᠬᠦᠴᠦᠨ ᠨᠡᠮᠡᠷᠢᠯᠡᠵᠦ᠂ ᠤᠯᠠᠮᠵᠢᠯᠠᠯᠲᠤ ᠰᠣᠶᠣᠯ ᠢ ᠨᠡᠩ ᠰᠢᠭᠤᠳ ᠣᠶᠢᠯᠠᠭᠠᠭᠤᠯᠪᠠ᠃     ᠢᠦᠢ ᠽᠢ ᠴᠢᠶᠠᠨ ᠬᠡᠯᠡᠭᠰᠡᠨ ᠨᠢ᠄ ︽ᠡᠨᠡ ᠪᠣᠯ ᠨᠢᠭᠡ ᠤᠳᠠᠭᠠᠨ ᠤ ᠮᠠᠷᠲᠠᠭᠳᠠᠰᠢ ᠦᠭᠡᠢ ᠥᠩᠭᠡᠷᠡᠯᠲᠡ᠂ ᠲᠤᠩ ᠰᠣᠨᠢᠷᠬᠠᠯᠲᠠᠢ︕ ᠳᠤᠮᠳᠠᠳᠤ ᠤᠯᠤᠰ ᠤᠨ ᠬᠤᠪᠴᠠᠰᠤ ᠵᠠᠰᠠᠯ ᠮᠠᠰᠢ ᠭᠤᠶᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠵᠤ᠂ ᠳᠤᠮᠳᠠᠳᠤ ᠶᠢᠨ ᠬᠥᠮᠦᠨ ᠪᠣᠯᠤᠭᠰᠠᠨ ᠤ ᠬᠤᠪᠢ ᠳᠤ ᠪᠢ ᠮᠠᠰᠢ ᠣᠮᠣᠭᠰᠢᠵᠤ ᠪᠠᠶᠢᠨ᠎ᠠ︾ ᠬᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号