ᠤᠷᠴᠢᠭᠤᠯᠤᠭᠴᠢ᠄ ᠰᠤᠯᠤᠩᠭᠤᠸ᠎ᠡ | | ᠤᠳᠤᠷᠢᠳᠬᠠᠯ᠄ | ᠰᠤᠷᠪᠤᠯᠵᠢᠯᠠᠭᠴᠢ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠦᠷᠳᠡᠭᠡ ᠠᠴᠠ ᠣᠶᠢᠯᠠᠭᠠᠭᠰᠠᠨ ᠢᠶᠠᠷ᠂ 8.19 ᠤ ᠡᠳᠦᠷ ᠪᠣᠯᠲᠠᠯ᠎ᠠ᠂ ᠡᠷᠢᠶᠡᠨ ᠪᠤᠭᠤᠮᠲᠠ ᠪᠠᠷ ᠣᠷᠣᠵᠤ | ᠭᠠᠷᠤᠭᠰᠠᠨ ᠠᠶᠠᠨᠴᠢᠨ 160 ᠲᠦᠮᠡᠨ ᠬᠥᠮᠥᠨ ᠤᠳᠠᠭ᠎ᠠ ᠶᠢ ᠳᠠᠪᠠᠵᠤ᠂ ᠠᠳᠠᠯᠢ ᠬᠤᠭᠤᠴᠭᠠᠠ ᠠᠴᠠ 100% | ᠢᠶᠠᠷ ᠨᠡᠮᠡᠭᠳᠡᠵᠡᠢ᠃ | ᠲᠠᠶᠢᠯᠤᠮᠵᠢ᠄ | ᠵᠤᠨ ᠤ ᠠᠮᠠᠷᠠᠯᠲᠠ ᠠᠴᠠ ᠨᠠᠭᠠᠰᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠪᠣᠭᠤᠮᠲᠠ ᠦᠩᠭᠡᠷᠡᠬᠦ | ᠠᠶᠠᠨᠴᠢᠨ ᠶᠠᠭᠠᠷᠠᠯᠲᠠᠢ ᠵᠤᠷᠴᠢᠵᠦ᠂ ᠪᠠᠷᠠᠭ᠎ᠠ ᠬᠤᠳᠠᠯᠳᠤᠨ ᠠᠪᠬᠤ᠂ ᠭᠡᠷ ᠪᠦᠯᠢ ᠪᠠᠷ ᠢᠶᠠᠨ ᠵᠤᠭᠠᠴᠠᠬᠤ ᠂ | ᠪᠦᠯᠬᠦᠮ ᠨᠡᠶᠢᠲᠡ ᠶᠢᠨ ᠬᠢᠯᠢ ᠠᠯᠤᠰᠯᠠᠭᠰᠠᠨ ᠵᠤᠭᠠᠴᠠᠯ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠳᠤᠯᠤᠨ | ᠰᠤᠷᠤᠯᠴᠠᠬᠤ ᠵᠤᠭᠠᠴᠠᠯ ᠳᠤ ᠶᠠᠪᠤᠬᠤ ᠠᠶᠠᠨᠴᠢᠳ ᠤᠨ ᠤᠷᠤᠰᠬᠠᠯ ᠳᠠᠪᠬᠤᠴᠠᠵᠤ᠂ ᠪᠣᠭᠤᠮᠲᠠ ᠪᠠᠷ ᠥᠩᠭᠡᠷᠡᠬᠦ | ᠠᠶᠠᠨᠴᠢᠳ ᠤᠨ ᠴᠢᠬᠤᠯᠠ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ 8.1 ᠤ ᠡᠳᠦᠷ ᠠᠴᠠ ᠣᠳᠣ ᠪᠣᠯᠲᠠᠯ᠎ᠠ | ᠡᠷᠢᠶᠡᠨ ᠪᠣᠭᠤᠮᠲᠠ ᠶᠢᠨ ᠡᠳᠦᠷ ᠪᠦᠷᠢ ᠶᠢᠨ ᠪᠣᠭᠤᠮᠲᠠ ᠪᠠᠷ ᠥᠩᠭᠡᠷᠡᠬᠦ ᠬᠥᠮᠥᠰ ᠴᠥᠮ ᠲᠦᠮᠡᠨ ᠬᠥᠮᠥᠨ ᠤᠳᠠᠭ᠎ᠠ | ᠶᠢ ᠳᠠᠪᠠᠵᠤ᠂ ᠨᠢᠭᠡ ᠡᠳᠦᠷ ᠰᠢᠯᠭᠠᠨ ᠪᠠᠶᠢᠴᠠᠭᠠᠭᠰᠠᠨ ᠠᠶᠠᠨᠴᠢᠨ ᠬᠠᠮᠤᠭ ᠤᠯᠠᠨ ᠳᠠᠭᠠᠨ 12855 ᠬᠥᠮᠥᠨ | ᠤᠳᠠᠭ᠎ᠠ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ | ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠪᠠᠶᠢᠳᠠᠯ ᠢ | ᠪᠦᠲᠦᠮᠵᠢᠲᠡᠢ ᠠᠷᠭᠠᠴᠠᠭᠠᠬᠤ ᠶᠢᠨ ᠲᠥᠯᠥᠭᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢ ᠪᠤᠰᠤ ᠴᠠᠭ ᠬᠤᠭᠤᠴᠠᠭᠠᠨ ᠤ ᠬᠥᠮᠥᠨ ᠤ ᠤᠷᠤᠰᠬᠠᠯ ᠪᠠ | ᠲᠡᠷᠭᠡᠨ ᠤᠷᠤᠰᠬᠠᠯ ᠤᠨ ᠪᠠᠶᠢᠳᠠᠯ ᠢ ᠦᠨᠳᠦᠰᠦᠯᠡᠵᠦ᠂ ᠤᠷᠬᠢᠯ ᠦᠶ᠎ᠡ ᠳᠤ ︽ᠴᠠᠭ ᠢ ᠤᠷᠲᠤᠳᠬᠠᠵᠤ ᠪᠣᠭᠤᠮᠲᠠ | ᠥᠩᠭᠡᠷᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠬᠠᠩᠭᠠᠵᠤ᠂ ᠪᠦᠯᠬᠦᠮ ᠨᠡᠶᠢᠲᠡ ᠪᠠᠷ ᠵᠤᠭᠠᠴᠠᠬᠤ᠂ ᠠᠷᠪᠢᠨ | ᠡᠳ᠋ ᠪᠣᠳᠠᠰ ᠠᠪᠴᠤ ᠶᠠᠪᠤᠭ᠎ᠠ ᠠᠶᠠᠨᠴᠢᠳ ᠲᠤ ᠲᠤᠰᠬᠠᠢ ᠨᠡᠪᠲᠡᠷᠡᠬᠦ ᠵᠠᠮ ᠭᠠᠷᠭᠠᠵᠤ᠂ ᠭᠠᠳᠠᠭᠠᠳᠤ ᠬᠡᠯᠡ ᠰᠠᠶᠢᠨ | ᠮᠡᠳᠡᠳᠡᠭ ᠪᠠᠶᠢᠴᠠᠭᠠᠭᠴᠢ ᠶᠢ ᠨᠡᠮᠡᠨ ᠲᠤᠬᠢᠷᠠᠭᠤᠯᠵᠤ᠂ ᠠᠰᠠᠭᠤᠨ ᠰᠤᠷᠠᠭᠰᠠᠨ ᠠᠶᠠᠨᠴᠢᠨ ᠳᠤ ᠴᠠᠭ ᠲᠤᠬᠠᠢ ᠳᠤᠨᠢ | ᠬᠦᠲᠦᠯᠦᠨ ᠵᠢᠯᠤᠭᠤᠳᠤᠯᠭ᠎ᠠ ᠬᠢᠵᠦ᠂ ᠬᠦᠯᠢᠶᠡᠬᠦ ᠴᠠᠭ ᠢ ᠪᠠᠭᠠᠰᠬᠠᠨ᠂ ᠠᠶᠠᠨᠴᠢᠳ ᠤᠨ ᠥᠨᠳᠥᠷ ᠪᠦᠲᠦᠮᠵᠢᠲᠡᠶ | ᠪᠥᠭᠡᠳ ᠳᠥᠭᠦᠮ ᠳᠥᠲᠡ ᠪᠤᠭᠤᠮᠲᠠ ᠦᠩᠭᠡᠷᠡᠬᠦ ᠶᠢ ᠪᠠᠲᠤᠯᠠᠵᠤ ᠪᠠᠶᠢᠨ᠎ᠠ᠃ | | | | |