| 8 ᠳ᠋ᠤᠭᠠᠷ ᠰᠠᠷ᠎ᠠ ᠶᠢᠨ 27 ᠤ ᠡᠳᠦᠷ᠂ ᠰᠦᠷ ᠳᠠᠯᠠᠶᠢᠴᠠᠲᠠᠶ ᠪᠥᠭᠡᠳ ᠥᠪᠡᠷᠮᠢᠴᠡ ᠲᠠᠯ᠎ᠠ ᠨᠤᠲᠤᠭ ᠤᠨ | ᠦᠨᠳᠦᠰᠦᠲᠡᠨ ᠤ ᠰᠣᠶᠣᠯ ᠤᠨ ᠦᠨᠦᠷ ᠠᠮᠲᠠ ᠲᠠᠢ ᠬᠦᠮᠠᠢ ᠦᠨᠳᠦᠰᠦᠲᠡᠨ ᠤ ᠰᠣᠶᠣᠯ ᠤᠨ ᠣᠷᠳᠣᠨ ᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠡᠷᠲᠡᠨ ᠤ ᠨᠣᠮ ᠰᠤᠳᠤᠷ︾ ᠤᠨ ᠦᠵᠡᠭᠦᠯᠭᠡ ᠶᠢᠨ ᠲᠢᠩᠬᠢᠮ ᠳᠤ ᠴᠤᠤᠷᠢᠶᠠᠲᠤᠪᠠ᠃ ᠮᠠᠨ ᠤ ᠬᠤᠲᠠ ᠶᠢᠨ | ᠤᠯᠠᠭᠠᠨᠮᠥ᠋ᠴᠢᠷ ᠤᠨ ᠭᠡᠰᠢᠭᠦᠳ ᠳᠠᠭᠤᠯᠠᠨ ᠪᠥᠵᠢᠭᠯᠡᠵᠦ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ | ᠪᠠᠷᠠᠭᠤᠨ ᠬᠤᠰᠢᠭᠤᠨ ᠤ ᠤᠯᠠᠭᠠᠨᠮᠥ᠋ᠴᠢᠷ ᠭᠤᠷᠪᠠᠨ ᠭᠠᠵᠠᠷ ᠬᠠᠮᠲᠤᠷᠠᠨ ᠪᠡᠭᠡᠵᠢᠩ ᠳᠤ ᠬᠦᠷᠴᠦ ᠲᠣᠭᠯᠠᠯᠲᠠ ᠭᠠᠷᠭᠠᠬᠤ 30 | ᠡᠳᠦᠷ ᠤᠨ ᠬᠤᠭᠤᠴᠠᠭᠠᠨ ᠳᠤ ᠲᠠᠯᠠᠪᠠᠶ ᠳᠤ ᠣᠷᠣᠵᠤ ᠲᠣᠭᠯᠠᠯᠲᠠ ᠭᠠᠷᠭᠠᠬᠤ ᠠᠩᠬᠠᠨ ᠤ ᠰᠢᠳᠠᠮ ᠢᠶᠠᠨ ᠡᠬᠢᠯᠡᠭᠦᠯᠪᠡ᠃ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠨᠤᠮ ᠰᠤᠳᠤᠷ ᠤᠨ ᠦᠵᠡᠰᠬᠦᠯᠡᠩ ᠤᠨ ᠣᠷᠳᠣᠨ︾ 1500 ᠭᠠᠷᠤᠢ | ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠰᠤᠳᠤᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠬᠥᠭᠵᠢᠯᠲᠡ ᠲᠠᠢ ᠪᠣᠯᠤᠭᠰᠠᠨ ᠲᠡᠦᠬᠡ ᠶᠢ ᠤᠯᠠᠨ ᠲᠠᠯ᠎ᠠ ᠠᠴᠠ ᠢᠯᠡᠷᠡᠭᠦᠯᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠶᠠᠷᠢᠵᠤ᠂ ᠪᠦᠬᠦ ᠤᠯᠤᠰ ᠤᠨ ᠡᠯ᠎ᠡ ᠭᠠᠵᠠᠷ ᠤᠨ ᠤᠯᠠᠨ | ᠲᠦᠮᠡᠨ ᠤ ᠪᠠᠭ᠋ᠠᠷᠬᠠᠯ ᠢ ᠣᠯᠤᠭᠰᠠᠭᠠᠷ ᠢᠷᠡᠵᠠᠢ᠃ ᠭᠤᠷᠪᠠᠨ ᠭᠠᠵᠠᠷ ᠤᠨ ᠤᠯᠠᠭᠠᠨᠮᠥ᠋ᠴᠢᠷ ᠤᠨ ᠬᠦᠷᠴᠦ ᠢᠷᠡᠭᠰᠡᠨ ᠶᠠᠪᠤᠳᠠᠯ | ᠪᠣᠯ ᠨᠡᠩ ᠴᠤ ᠲᠣᠭᠤᠷᠢᠨ ᠰᠣᠨᠢᠷᠬᠠᠬᠤ ᠪᠠᠷ ᠢᠷᠡᠭᠰᠡᠨ ᠤᠯᠠᠨ ᠲᠦᠮᠡᠨ ᠳᠤ ᠡᠯᠳᠡᠪ ᠵᠦᠢᠯ ᠤᠨ ᠦᠩᠭᠡ ᠪᠤᠳᠤᠭ | ᠨᠡᠮᠡᠷᠢᠯᠡᠵᠦ᠂ ᠤᠯᠠᠭᠠᠨᠮᠥ᠋ᠴᠢᠷ ᠤᠨ ᠭᠡᠰᠢᠭᠦᠳ ᠳᠠᠭᠤᠯᠠᠨ ᠪᠥᠵᠢᠭᠯᠡᠵᠦ᠂ ᠡᠰᠡᠬᠦᠯ᠎ᠡ ᠬᠥᠩᠭᠡᠪᠲᠦᠷ ᠪᠥᠵᠢᠭ ᠤᠨ ᠬᠡᠯᠪᠡᠷᠢ ᠪᠠᠷ | ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠡᠰᠡᠬᠦᠯ᠎ᠡ ᠰᠡᠳᠬᠢᠯ ᠬᠥᠳᠡᠯᠭᠡᠮ᠎ᠡ ᠳᠠᠭᠤᠤ ᠪᠠᠷ ᠢᠶᠠᠨ | ᠲᠦᠮᠡᠨ ᠭᠠᠵᠠᠷ ᠤᠨ ᠴᠠᠢ ᠶᠢᠨ ᠠᠶ᠎ᠠ ᠶᠢᠨ ᠡᠷᠲᠡᠨ ᠤ ᠳᠤᠮᠤᠭ ᠢ ᠲᠣᠭᠯᠠᠬᠤ᠂ ᠡᠰᠡᠬᠦᠯ᠎ᠡ ᠤᠷᠮ᠎ᠠ ᠵᠣᠷᠢᠭ ᠬᠥᠪᠴᠢᠯᠡᠭᠰᠡᠨ | ᠮᠣᠷᠢᠨ ᠬᠤᠭᠤᠷ ᠢᠶᠠᠷ ᠰᠢᠨ᠎ᠡ ᠴᠠᠭ ᠦᠶ᠎ᠡ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠵᠤ ᠪᠠᠶᠢᠭ᠎ᠠ ᠶᠠᠪᠤᠳᠠᠯ ᠪᠣᠯᠤᠨ᠎ᠠ᠃ | ︽ᠦᠵᠡᠭᠦᠯᠭᠡ ᠶᠢᠨ ᠲᠣᠭᠯᠠᠯᠲᠠ ᠰᠣᠨᠢᠷᠬᠠᠬᠤ︾ ᠤᠷᠠᠯᠢᠭ ᠤᠨ ᠬᠠᠷᠠᠭᠠᠰᠤ᠂ ᠤᠯᠠᠨ ᠲᠦᠮᠡᠨ ᠤ ᠭᠦᠨ ᠵᠤᠵᠠᠭᠠᠨ | ᠰᠣᠶᠣᠯ ᠢᠷᠭᠡᠨᠰᠢᠯ ᠪᠣᠯᠤᠨ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠰ ᠤᠨ ᠰᠠᠶᠢᠨ ᠰᠠᠶᠢᠬᠠᠨ ᠬᠠᠶᠢᠷ᠎ᠠ | ᠰᠡᠳᠬᠢᠯᠭᠡ ᠶᠢ ᠬᠠᠷᠢᠯᠴᠠᠨ ᠮᠡᠳᠡᠷᠡᠵᠦ᠂ ᠴᠥᠭᠡᠨ ᠪᠤᠰᠤ ᠤᠯᠠᠨ ᠲᠦᠮᠡᠨ ᠤ ᠪᠠᠭ᠋ᠠᠷᠬᠠᠯ ᠢ ᠲᠠᠲᠠᠵᠤ᠂ ᠦᠨᠳᠦᠰᠦᠲᠡᠨ ᠤ | ᠰᠣᠶᠣᠯ ᠤᠨ ᠷᠢᠳᠢ ᠰᠢᠳᠢ ᠶᠢ ᠣᠶᠢᠯᠠᠭᠠᠭᠤᠯᠤᠭᠰᠠᠨ ᠪᠠ ᠲᠠᠯ᠎ᠠ ᠨᠤᠲᠤᠭ ᠤᠨ ᠮᠣᠷᠢᠨ ᠨᠢᠷᠤᠭᠤᠨ ᠳᠡᠭᠡᠷᠡᠬᠢ ᠰᠢᠯᠦᠭ ᠪᠣᠯᠤᠨ | ᠠᠯᠤᠰ ᠢᠷᠡᠭᠡᠳᠦᠢ ᠶᠢ ᠣᠶᠢᠯᠠᠭᠠᠭᠤᠯᠤᠭᠰᠠᠨ ᠪᠠᠶᠢᠨ᠎ᠠ᠃ | ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ᠂ ᠰᠤᠶᠤᠯ ᠢᠶᠠᠷ ᠬᠤᠲᠠ ᠶᠢ ᠤᠮᠳᠠᠯᠠᠬᠤ᠂ ᠰᠤᠶᠤᠯ ᠢᠶᠠᠷ ᠦᠢᠯᠡᠰ ᠢ | ᠬᠥᠭᠵᠢᠭᠦᠯᠬᠦ᠃ ᠣᠶᠢᠷ᠎ᠠ ᠶᠢᠨ ᠵᠢᠯ ᠠᠴᠠ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠱᠤᠭᠤᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠡᠢ᠃ | ᠲᠣᠰ ᠤᠳᠠᠭ᠎ᠠ ᠪᠡᠭᠡᠵᠢᠩ ᠳᠤ ᠬᠦᠷᠴᠦ ᠲᠣᠭᠯᠠᠯᠲᠠ ᠭᠠᠷᠭᠠᠬᠤ ᠪᠣᠯ ︽ᠨᠢᠭᠡ ᠬᠤᠲᠠ ᠬᠤᠶᠠᠷ ᠬᠤᠰᠢᠭᠤ︾ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠠᠰᠠ ᠨᠢᠭᠡ ᠵᠦᠢᠯ ᠤᠨ ᠠᠷᠭ᠎ᠠ ᠬᠡᠮᠵᠢᠶ᠎ᠡ ᠮᠥᠨ᠂ ᠠᠵᠢᠯᠯᠠᠭ᠎ᠠ ᠪᠠᠷ ᠢᠶᠠᠨ ᠪᠥᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠥᠭᠡᠳ ᠤᠳᠠᠭᠠᠨ | ᠳᠠᠭᠠᠭᠠᠮᠠᠭᠠᠶ ᠥᠷᠨᠢᠭᠦᠯᠬᠦ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠪᠡ᠃ | ᠣᠶᠢᠯᠠᠭᠠᠭᠰᠠᠨ ᠢᠶᠠᠷ᠂ 30 ᠡᠳᠦᠷ ᠤᠨ ᠬᠤᠭᠤᠴᠠᠭ᠎ᠠ ᠲᠠᠢ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ | ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠡᠭᠡᠯᠵᠢᠯᠡᠨ ᠪᠡᠭᠡᠵᠢᠩ ᠳᠤ ᠰᠠᠭᠤᠵᠤ ᠲᠣᠭᠯᠠᠯᠲᠠ ᠭᠠᠷᠭᠠᠬᠤ ᠪᠣᠯᠤᠨ᠎ᠠ᠃ | |