| | | ᠪᠢᠴᠢᠬᠠᠨ ᠬᠡᠦᠬᠡᠳ ᠢ ᠬᠠᠪᠰᠤᠷᠤᠨ ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠢ ᠲᠦᠷᠭᠡᠨ ᠣᠶᠢᠯᠠᠭᠠᠭᠤᠯᠵᠦ᠂ | ᠬᠡᠦᠬᠡᠳ ᠤᠨ ᠴᠡᠴᠡᠷᠯᠢᠭ ᠤᠨ ᠠᠮᠢᠳᠤᠷᠠᠯ ᠤᠨ ᠪᠠᠶᠠᠷ ᠪᠠᠶᠠᠰᠣᠯ ᠢ ᠣᠶᠢᠯᠠᠭᠠᠭᠤᠯᠬᠤ ᠶᠢᠨ ᠳᠣᠯᠠᠳᠠ᠂ 8 ᠰᠠᠷ᠎ᠠ ᠶᠢᠨ 29 ᠤ | ᠡᠳᠦᠷ᠂ ᠬᠤᠲᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠨᠢ ᠠᠩᠬᠠᠳᠤᠭᠠᠷ ᠬᠤᠭᠤᠴᠠᠭᠠᠨ ᠤ ᠬᠡᠦᠬᠡᠳ ᠤᠨ | ᠴᠡᠴᠡᠷᠯᠢᠭ ᠲᠤ ᠣᠷᠣᠵᠤ ᠣᠶᠢᠯᠠᠭᠠᠭᠤᠯᠬᠤ ᠠᠵᠢᠯᠯᠠᠭ᠎ᠠ ᠥᠷᠨᠢᠭᠦᠯᠪᠡ᠃ | ᠲᠣᠰ ᠡᠳᠦᠷ ᠤᠨ ᠥᠷᠯᠥᠭᠡ ᠡᠷᠲᠡ᠂ ᠭᠡᠷ ᠤᠨ ᠠᠬᠠᠮᠠᠳ ᠪᠢᠴᠢᠬᠠᠨ ᠨᠠᠶᠢᠵᠠ ᠨᠠᠷ ᠢᠶᠠᠨ ᠳᠠᠭᠠᠭᠤᠯᠤᠨ ᠬᠡᠤᠬᠡᠳ ᠤᠨ | ᠴᠡᠴᠡᠷᠯᠢᠭ ᠲᠤ ᠢᠷᠡᠪᠡ᠃ ᠥᠪᠡᠷ ᠥᠪᠡᠷ ᠤᠨ ᠠᠩᠭᠢ ᠶᠢᠨ ᠢᠶᠠᠨ ᠡᠭᠦᠳᠡᠨ ᠳᠤ᠂ ᠬᠥᠭᠡᠷᠦᠬᠦᠨ ᠬᠡᠦᠬᠡᠳ ᠴᠠᠭᠠᠰᠤᠨ | ᠳᠡᠭᠡᠷ᠎ᠡ ᠥᠪᠡᠷ ᠤᠨ ᠬᠤᠷᠤᠭᠤᠨ ᠤ ᠣᠷᠣᠮ ᠢᠶᠠᠨ ᠳᠠᠷᠤᠵᠤ᠂ ︽ᠵᠤᠭᠠᠴᠠᠯ ᠤᠨ ᠬᠦᠷᠢᠶᠡᠯᠡᠩ︾ ᠤᠨ ᠠᠶᠠᠯᠠᠯ ᠢᠶᠠᠨ | ᠵᠢᠩᠬᠢᠨᠢ ᠪᠠᠷ ᠡᠬᠢᠯᠡᠭᠦᠯᠦᠭᠰᠡᠨ ᠪᠠᠶᠢᠨ᠎ᠠ᠃ | ᠬᠠᠷᠢᠯᠴᠠᠨ ᠦᠢᠯᠡᠳᠦᠯᠴᠡᠬᠦ ᠭᠤᠭᠴᠤᠭ᠎ᠠ ᠳᠤ᠂ ᠪᠠᠭᠰᠢ ᠨᠠᠷ ᠬᠡᠦᠬᠡᠳ ᠲᠤ ᠲᠣᠬᠢᠷᠠᠬᠤ ᠬᠠᠷᠢᠯᠴᠠᠨ ᠬᠥᠳᠡᠯᠦᠯᠴᠡᠬᠦ | ᠲᠣᠭᠯᠠᠭᠠᠮ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠬᠡᠦᠬᠡᠳ ᠤᠳ ᠢ ᠬᠠᠪᠰᠤᠷᠤᠨ ᠵᠠᠶᠢᠳᠠᠭᠰᠠᠨ ᠲᠥᠷᠥᠭᠳᠡᠯ ᠢ ᠨᠢ ᠠᠯᠢ | ᠲᠦᠷᠭᠡᠨ ᠢᠶᠠᠷ ᠠᠷᠢᠯᠭᠠᠪᠠ᠃ ᠪᠢᠴᠢᠬᠠᠨ ᠨᠠᠶᠢᠵᠠ ᠪᠤᠶᠤ ᠭᠤᠷᠪᠠ ᠲᠠᠪᠤ ᠪᠠᠷ ᠬᠤᠤᠰᠯᠠᠵᠤ ᠨᠠᠭᠠᠳᠤᠭᠰᠠᠨ ᠪᠤᠶᠤ ᠬᠤᠶᠠᠷ ᠢᠶᠠᠷ | ᠬᠤᠣᠰᠯᠠᠵᠤ ᠨᠠᠭᠠᠳᠤᠭᠰᠠᠨ ᠴᠤ ᠵᠢᠷᠭᠠᠨ ᠴᠡᠩᠬᠡᠬᠦ ᠦᠭᠡᠢ᠂ ᠨᠢᠭᠡ ᠴᠠᠭ ᠨᠠᠭᠠᠳᠤᠨ ᠢᠨᠢᠶᠡᠯᠴᠡᠬᠦ ᠳᠠᠭᠤᠨ ᠪᠦᠬᠦ ᠠᠩᠭᠢ ᠶᠢ | ᠳᠦᠭᠦᠷᠭᠡᠪᠡ᠃ | ᠮᠠᠨ ᠤ ᠬᠤᠲᠠ ᠶᠢᠨ ᠠᠩᠬᠠᠳᠠᠭᠴᠢ ︽ᠬᠡᠤᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ︾ ᠠᠯᠪᠠᠨ ᠠᠴᠠ | ᠡᠷᠬᠢᠯᠡᠭᠰᠡᠨ ᠴᠡᠴᠡᠷᠯᠢᠭ ᠪᠣᠯᠤᠭᠰᠠᠨ ᠤ ᠬᠤᠪᠢ ᠳᠤ᠂ ᠭᠤᠷᠪᠠᠳᠤᠭᠠᠷ ᠬᠡᠤᠬᠡᠳ ᠤᠨ ᠴᠡᠴᠡᠷᠯᠢᠭ ᠨᠢ ᠬᠡᠣᠬᠡᠳ ᠲᠤ ᠨᠠᠩ | ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠬᠡᠤᠬᠡᠳ ᠤᠳ ᠲᠤ ᠨᠠᠩ ᠣᠯᠠᠨ ᠪᠡᠶᠡᠴᠢᠯᠡᠨ ᠣᠶᠢᠯᠠᠭᠠᠬᠤ᠂ | ᠬᠠᠷᠢᠯᠴᠠᠨ ᠬᠥᠳᠡᠯᠦᠯᠴᠡᠬᠦ᠂ ᠰᠤᠳᠤᠯᠬᠤ ᠲᠣᠬᠢᠶᠠᠯ ᠣᠯᠭᠤᠵᠤ᠂ ᠬᠡᠤᠬᠡᠳ ᠤᠨ ᠡᠯ᠎ᠡ ᠲᠥᠷᠥᠯ ᠤᠨ ᠰᠡᠷᠭᠡᠭ | ᠬᠤᠭᠤᠴᠠᠭᠠᠨ ᠤ ᠬᠡᠷᠡᠭᠴᠡᠭᠡ ᠶᠢ ᠬᠠᠩᠭᠠᠬᠤ ᠪᠤᠯᠤᠨ᠎ᠠ᠃ |