| | ᠣᠶᠢᠷ᠎ᠠ ᠶᠢᠨ ᠡᠳᠦᠷ ᠤᠳ ᠲᠤ᠂ ᠪᠠᠶ ᠬᠤᠶ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢ ᠶᠢᠨ ᠲᠣᠭᠤᠷᠢᠭ ᠲᠤ᠂ ᠠᠵᠢᠯᠴᠢᠳ ᠲᠠᠰᠤᠷᠠᠯᠲᠠ ᠥᠬᠡᠶ ᠨᠠᠰᠢ ᠴᠠᠰᠢ ᠰᠦᠯᠵᠢᠯᠳᠦᠵᠦ᠂ ᠥᠪᠡᠰᠦᠪᠡᠨ | ᠬᠡᠷᠡᠭᠯᠡᠬᠦ ᠲᠠᠷᠬᠠᠮᠠᠯ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠢ ᠤᠭᠰᠠᠷᠠᠵᠤ᠂ ︽ᠪᠣᠬᠢᠷᠲᠤᠯ | ᠥᠬᠡᠶ ᠦᠢᠯᠡᠳᠪᠦᠷᠢ︾ ᠶᠢ ᠢᠳᠡᠪᠬᠢᠲᠡᠶ ᠪᠤᠶᠢᠵᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠥᠬᠡᠶ | ᠬᠥᠭᠵᠢᠯᠲᠡ ᠳᠤ ᠬᠦᠴᠦᠨ ᠨᠡᠮᠡᠷᠢᠯᠡᠪᠡ᠃ | | | | | | | ᠣᠶᠢᠷ᠎ᠠ ᠳᠤ᠂ ᠰᠤᠷᠪᠤᠯᠵᠢᠯᠠᠭᠴᠢ ᠪᠠᠶ ᠬᠤᠶ ᠶᠤᠸᠠᠨ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠤ | ᠬᠦᠷᠬᠦ ᠳᠤ᠂ ᠦᠢᠯᠡᠳᠪᠦᠷᠢ ᠶᠢᠨ ᠬᠡᠷ ᠪᠠᠶᠢᠰᠢᠩ ᠤᠨ ᠣᠷᠣᠶ᠂ ᠬᠡᠷᠡᠮ ᠵᠢᠴᠢ ᠲᠡᠷᠭᠡᠨ ᠵᠣᠭᠰᠣᠭᠠᠯ ᠤᠨ ᠲᠡᠷᠭᠡᠨ ᠤ | ᠰᠠᠷᠠᠪᠴᠢ ᠵᠡᠷᠭᠡ ᠭᠠᠵᠠᠷ ᠲᠤ ᠬᠡᠰᠡᠭ ᠰᠢᠨ᠎ᠡ ᠬᠡᠯᠪᠡᠷᠢ ᠶᠢᠨ ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠬᠠᠪᠲᠠᠰᠤ | ᠨᠢᠭᠡᠨᠲᠡ ᠤᠭᠰᠠᠷᠠᠵᠤ ᠳᠠᠭᠤᠰᠤᠭᠰᠠᠨ ᠢ ᠣᠯᠵᠤ ᠬᠠᠷᠠᠪᠠ᠃ ᠲᠣᠰ ᠢᠵᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠰᠢᠰᠲ᠋ᠧᠮ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠨᠡᠷᠡᠨ ᠡᠨᠧᠷᠭᠢ ᠶᠢ ᠥᠨᠳᠥᠷ ᠪᠦᠲᠦᠮᠵᠢᠲᠡᠶ ᠪᠠᠷ ᠠᠰᠢᠭᠯᠠᠵᠤ | ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ 4070.28 ᠲᠦᠮᠡᠨ ᠺᠢᠯᠣᠸᠠᠲ ᠴᠠᠭ ᠲᠤ ᠬᠦᠷᠴᠦ᠂ | ᠪᠦᠬᠦᠨ ᠢ ᠠᠵᠤ ᠠᠬᠤᠶᠢᠯᠠᠯ ᠤᠨ ᠥᠪᠡᠷ ᠢᠶᠠᠨ ᠬᠡᠷᠡᠭᠯᠡᠬᠦ ᠶᠢ ᠬᠠᠩᠭᠠᠵᠤ ᠪᠣᠯᠤᠨ᠎ᠠ᠃ ᠵᠢᠯ ᠪᠦᠷᠢ ᠪᠠᠷᠢᠮᠵᠢᠶ᠎ᠠ | ᠨᠡᠭᠦᠷᠡᠰᠦ ᠶᠢ ᠪᠠᠷᠤᠭ 13269.12 ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠷᠤᠭ 32154.42 ᠲᠣᠨ ᠪᠠᠭᠠᠰᠬᠠᠵᠤ᠂ ᠦᠢᠯᠡᠳᠪᠦᠷᠢᠯᠡᠯ ᠡᠵᠡᠩᠨᠡᠯᠲᠡ ᠶᠢᠨ | ᠥᠪᠡᠷ ᠤᠨ ᠥᠷᠲᠡᠭ ᠢ ᠪᠠᠷᠤᠭ 1835.14 ᠲᠦᠮᠡᠨ ᠲᠥᠭᠦᠷᠢᠭ ᠪᠠᠭᠤᠷᠠᠭᠤᠯᠪᠠ᠃ ᠪᠣᠬᠢᠷᠲᠤᠯ ᠦᠭᠡᠢ | ᠴᠠᠬᠢᠯᠭᠠᠨ ᠢ ᠬᠥᠭᠵᠢᠭᠦᠯᠬᠦ ᠪᠠᠷ ᠳᠠᠮᠵᠢᠭᠤᠯᠤᠨ᠂ ᠡᠨᠧᠷᠭᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ | ᠤᠯᠠᠮ ᠨᠢᠭᠡ ᠠᠯᠬᠤᠮ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠢ | ᠪᠠᠭᠤᠷᠠᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ ᠳᠤ ᠡᠨᠧᠷᠭᠢ ᠣᠯᠭᠤᠨ᠎ᠠ᠃ | | | | | | ᠣᠶᠢᠯᠠᠭᠠᠭᠰᠠᠨ ᠢᠶᠠᠷ᠂ ᠪᠠᠶ ᠬᠤᠶ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠥᠪᠡᠷᠲᠡᠭᠡᠨ | ᠬᠡᠷᠡᠭᠯᠡᠬᠦ ᠲᠠᠷᠬᠠᠮᠠᠯ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠤᠨ ᠶᠡᠷᠦᠩᠬᠡᠶ ᠪᠠᠯᠠ | ᠣᠷᠣᠭᠤᠯᠤᠯᠲᠠ ᠪᠠᠷᠤᠭ 9000 ᠲᠦᠮᠡᠨ ᠲᠥᠭᠦᠷᠢᠭ ᠪᠠᠶᠢᠵᠤ᠂ ᠬᠡᠪᠴᠢᠶ᠎ᠡ ᠨᠢ 30 MW ᠪᠣᠯᠤᠨ᠎ᠠ᠃ | ᠣᠳᠣᠬᠠᠨ ᠳᠤ ᠨᠢᠭᠡᠨᠲᠡ 1600 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 5MW | ᠬᠡᠷᠡᠯ ᠴᠡᠨᠡᠭ ᠤᠨ ᠬᠠᠪᠲᠠᠰᠤ ᠤᠭᠰᠠᠷᠠᠪᠠ᠃ |