ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 4 ᠰᠠᠷ᠎ᠠ ᠶᠢᠨ ᠲᠣᠮᠣ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/8/6
             4 ᠰᠠᠷ᠎ᠠ ᠶᠢᠨ 1 ᠤ ᠡᠳᠦᠷ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠵᠢᠴᠢ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ ᠣᠷᠣᠯᠴᠠᠵᠠᠶ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠤᠬᠠᠭᠤᠯᠭ᠎ᠠ ᠶᠢᠨ ᠲᠥᠰᠦᠯ᠂ ᠬᠤᠳᠠᠯᠳᠤᠭᠠᠴᠢᠨ ᠤᠷᠢᠬᠤ ᠲᠥᠰᠦᠯ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠥᠰᠦᠯ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ    ᠲᠤᠰ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ ᠠᠩᠬᠠᠳᠤᠭᠠᠷ ᠤᠳᠠᠭ᠎ᠠ ᠶᠢᠨ ᠪᠣᠭᠤᠮᠲᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ᠤᠨ ᠲᠤᠰᠬᠠᠢ ᠰᠡᠳᠦᠪᠲᠦ ᠲᠠᠶᠢᠯᠤᠮᠵᠢ ᠶᠢ ᠬᠤᠷᠠᠯᠳᠤᠭᠤᠯᠵᠤ᠂ ᠬᠤᠳᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠵᠧᠦ ᠵᠢᠩ ᠷᠠᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠢᠦᠢ ᠰᠢᠶᠠᠩ ᠹᠸᠢ ᠣᠷᠣᠯᠴᠠᠪᠠ᠃    4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠬᠢᠨᠠᠨ ᠪᠤᠳᠤᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ 2024 ᠣᠨ ᠤ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠣᠷᠣᠯᠴᠠᠵᠠᠶ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2024 ᠣᠨ ᠤ ᠴᠢᠬᠤᠯᠠ ᠶᠡᠭᠡ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠢᠯᠯᠠᠭ᠎ᠠ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠤᠶᠠᠳᠤᠭᠠᠷ ᠳᠡᠰ ᠤᠨ ᠲᠣᠭᠲᠠᠴᠠ ᠶᠢᠨ ᠠᠵᠢᠯᠯᠠᠬᠤ ᠳᠤᠭᠤᠶᠢᠯᠠᠩ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ᠂ ᠬᠢᠯᠢ ᠶᠢᠨ ᠬᠠᠮᠲᠤᠷᠠᠯᠴᠠᠭᠠᠨ ᠤ ᠣᠷᠣᠨ ᠤ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠶᠢ ᠢᠯᠭᠠᠷᠠᠭᠤᠯᠤᠨ ᠲᠤᠰᠢᠶᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠣᠩᠭᠤᠯ ᠤᠨ ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠯᠴᠠᠭ᠎ᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    4 ᠰᠠᠷ᠎ᠠ ᠶᠢᠨ 9 ᠤ ᠡᠳᠦᠷ᠂ ᠳᠤᠮᠳᠠᠳᠤ ᠮᠣᠩᠭᠤᠯ ᠤᠨ ᠡᠷᠢᠶᠡᠨ ᠬᠤᠲᠠ ᠶᠢᠨ ᠨᠢᠭᠡᠨ ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠠᠵᠢᠯ ᠤᠨ ᠬᠡᠯᠡᠯᠴᠡᠭᠡ ᠬᠢᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠰᠢᠯᠢᠨᠪᠠᠭᠠᠳᠣᠷ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠢᠦᠢ ᠰᠢᠶᠠᠩ ᠹᠸᠢ ᠣᠷᠣᠯᠴᠠᠪᠠ᠃    ᠲᠣᠰ ᠡᠳᠦᠷ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ 2024 ᠣᠨ ᠤ ᠠᠵᠢᠯ ᠢᠶᠠᠨ ᠡᠬᠢᠯᠡᠭᠦᠯᠬᠦ ᠰᠡᠷᠭᠦᠭᠡᠬᠦ ᠰᠡᠷᠡᠮᠵᠢᠯᠡᠭᠦᠯᠬᠦ ᠬᠥᠮᠦᠵᠢᠯ ᠤᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠣᠷᠣᠯᠴᠠᠵᠠᠶ    ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠮᠣᠩᠭᠤᠯ ᠤᠯᠤᠰ ᠤᠨ 8 ᠠᠴᠠ ᠳᠣᠷᠣᠭᠰᠢᠬᠢ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    4 ᠰᠠᠷ᠎ᠠ ᠶᠢᠨ 10 ᠤ ᠡᠳᠦᠷ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠬᠤᠯᠪᠣᠭᠳᠠᠯ ᠪᠥᠬᠦᠶ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠣᠷᠣᠯᠴᠠᠵᠠᠶ᠃    ᠲᠤᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠡᠷᠢᠶᠡᠨ ᠬᠤᠲᠠ ᠶᠢᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠵᠢᠴᠢ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠲᠤᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠰᠢᠶᠠᠮᠧᠨ ᠬᠤᠲᠠ ᠳᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠢᠯᠡᠳᠬᠦᠨ ᠤ ᠦᠵᠡᠰᠬᠦᠯᠡᠩ ᠤᠨ ᠴᠤᠭᠯᠠᠭᠠᠨ ᠵᠢᠴᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠴᠠᠭᠳᠠᠭᠠᠨ ᠤ ᠲᠣᠨᠣᠭᠯᠠᠯ ᠤᠨ ᠦᠵᠡᠭᠦᠯᠦᠯᠭᠡ ᠳᠤ ᠣᠷᠣᠯᠴᠠᠪᠠ᠃    4 ᠰᠠᠷ᠎ᠠ ᠶᠢᠨ 11 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠸᠠᠩ ᠳ᠋ᠦᠩ ᠱᠧᠩ᠂ ᠵᠧᠦ ᠵᠢᠩ ᠷᠠᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠢᠦᠢ ᠰᠢᠶᠠᠩ ᠹᠸᠢ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号