ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠰᠠᠷ᠎ᠠ ᠳᠤ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/8/6
             5 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ ᠪᠡᠭᠡᠵᠢᠩ ᠬᠤᠲᠠ ᠳᠤ ᠬᠦᠷᠴᠦ ᠵᠥᠩ ᠰᠢᠩ ᠴᠢᠮᠡᠭᠡ ᠬᠤᠯᠪᠣᠭᠠᠨ ᠤ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ︽ᠰᠢᠩ ᠲᠢᠶᠠᠨ ᠱᠢ︾ ᠡᠷᠢᠶᠡᠨ ᠬᠤᠲᠠ ᠶᠢᠨ ᠥᠨᠳᠥᠷ ᠳᠤᠮᠳᠠᠳᠤ ᠶᠢᠨ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠶᠢᠨ ᠲᠥᠷᠥᠯ ᠵᠦᠢᠯ ᠢ ᠵᠣᠬᠢᠴᠠᠭᠤᠯᠤᠨ ᠠᠬᠢᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠵᠦᠢᠯᠡᠰ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 12345 ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠢ ᠰᠡᠳᠦᠪᠲᠦ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ᠂ ᠪᠠᠩᠬᠢ ᠶᠢᠨ ᠪᠡᠯᠡ ᠲᠣᠬᠢᠷᠠᠭᠤᠯᠬᠤ ᠦᠢᠯᠡᠳᠬᠦᠨ ᠵᠢᠴᠢ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠵᠡᠷᠭᠡ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠣᠲᠣᠭᠠᠳᠤ ᠶᠢ ᠬᠠᠮᠠᠭᠠᠯᠠᠬᠤ ᠲᠤᠰᠬᠠᠶ ᠬᠡᠷᠡᠭ ᠢ ᠳᠡᠩᠨᠡᠨ ᠰᠢᠢᠳᠪᠦᠷᠢᠯᠡᠬᠦ᠂ ᠥᠪᠥᠷ ᠮᠣᠩᠭᠤᠯ ᠤᠨ ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠯᠴᠠᠭ᠎ᠠ᠂ ᠴᠠᠬᠢᠯᠭᠠᠨ ᠮᠡᠬᠡᠯᠡᠯ ᠢ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    5 ᠰᠠᠷ᠎ᠠ ᠶᠢᠨ 8 ᠤ ᠡᠳᠦᠷ᠂ ᠡᠷᠢᠶᠡᠨ ᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠣᠷᠣᠯᠴᠠᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 5 ᠲᠦᠮᠡᠨ ᠲᠣᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠳᠥᠯᠭᠢᠨ ᠠᠬᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    5 ᠳ᠋ᠤᠭᠠᠷ ᠰᠠᠷ᠎ᠠ ᠶᠢᠨ 9 ᠤ ᠡᠳᠦᠷ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠭᠤᠷᠪᠠᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠯᠠᠶ ᠰᠢᠶᠠᠩ ᠬᠤᠸᠠ ᠣᠷᠣᠯᠴᠠᠵᠠᠶ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ ᠰᠢᠯᠢ ᠶᠢᠨ ᠭᠤᠤᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    5 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥᠯ ᠵᠦᠢᠯ ᠢ ᠲᠠᠰ ᠳᠡᠪᠰᠢᠭᠦᠯᠦᠨ ᠨᠤᠲᠠᠯᠠᠬᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠪᠣᠭᠤᠮᠲᠠ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠰᠢᠯᠢᠩᠬᠤᠲᠠ ᠳᠤ ᠬᠦᠷᠴᠦ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ︾ ᠳᠤ ᠣᠷᠣᠯᠴᠠᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠪᠡᠭᠡᠵᠢᠩ ᠬᠤᠲᠠ ᠳᠤ ᠬᠦᠷᠴᠦ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠢ ᠠᠬᠢᠭᠤᠯᠬᠤ ᠬᠤᠷᠠᠯ ᠳᠤ ᠣᠷᠣᠯᠴᠠᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠤᠯᠢ ᠪᠠᠷ ᠬᠤᠲᠠ ᠪᠠᠨ ᠵᠠᠰᠠᠬᠤ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠨᠡᠶᠢᠲᠡᠯᠢᠭ ᠲᠤᠷᠰᠢᠯᠭ᠎ᠠ ᠶᠢᠨ ᠵᠢᠱᠢᠶ᠎ᠡ ᠦᠵᠡᠭᠦᠯᠦᠨ ᠰᠣᠯᠢᠯᠴᠠᠨ ᠰᠤᠷᠤᠯᠴᠠᠵᠤ ᠡᠷᠢᠶᠡᠨ ᠬᠤᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    5 ᠰᠠᠷ᠎ᠠ ᠶᠢᠨ 13 ᠤ ᠡᠳᠦᠷ᠂ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ ᠳ᠋ᠦᠩᠨᠡᠯᠲᠡ ᠵᠢᠴᠢ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠬᠤ ᠸᠢᠳᠢᠤ᠋ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠣᠷᠣᠯᠴᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号