ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠰᠠᠷ᠎ᠠ ᠶᠢᠨ ᠲᠣᠮᠣ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/8/6
                   6 ᠰᠠᠷ᠎ᠠ ᠶᠢᠨ 3 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 11 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠸᠠᠩ ᠳ᠋ᠦᠩ ᠱᠧᠩ᠂ ᠵᠧᠦ ᠵᠢᠩ ᠷᠠᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠢᠦᠢ ᠰᠢᠶᠠᠩ ᠹᠸᠢ ᠣᠷᠣᠯᠴᠠᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠰᠦᠯ᠂ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ 2025 ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠥᠭᠡᠴᠡ ᠶᠢᠨ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠩᠭᠡ ᠦᠵᠡᠮᠵᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠤ ᠵᠢᠩ ᠷᠠᠨ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ᠂ ᠬᠠᠮᠲᠤᠷᠠᠨ ᠰᠤᠷᠭᠠᠭᠤᠯᠢ ᠡᠷᠭᠢᠯᠡᠬᠦ ᠵᠡᠷᠭᠡ ᠶᠠᠪᠤᠳᠠᠯ ᠢ ᠰᠤᠳᠤᠯᠪᠠ᠃    6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠢ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠰᠢᠯᠢ ᠶᠢᠨ ᠭᠤᠤᠯ ᠠᠶᠢᠮᠠᠭ ᠤᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠣᠷᠣᠯᠴᠠᠵᠠᠶ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠦᠳᠡᠯ ᠳᠡᠯᠭᠡᠴᠡ ᠶᠢᠨ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠬᠥᠲᠥᠯᠦᠨ ᠵᠢᠯᠣᠭᠤᠳᠬᠤ ᠴᠡᠭ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠢ ᠴᠡᠭᠴᠡᠯᠡᠨ ᠵᠠᠰᠠᠬᠤ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    6 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠥᠬᠡᠬᠤᠲᠠ ᠳᠤ ᠬᠦᠷᠴᠦ ᠡᠷᠢᠶᠡᠨ ᠬᠤᠲᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠬᠤ ᠬᠤᠷᠠᠯ ᠳᠤ ᠣᠷᠣᠯᠴᠠᠪᠠ᠃    ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ ᠣᠷᠣᠯᠴᠠᠵᠠᠶ᠃    6 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠣᠶᠤᠨᠴᠢ ᠪᠣᠭᠤᠮᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠢᠷᠤᠭ ᠲᠥᠯᠥᠪᠯᠡᠭᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠴᠢᠨ ᠲᠣᠭᠤᠷᠢᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠲᠥᠷᠥᠯ ᠵᠦᠢᠯ ᠳᠤ ᠬᠡᠷᠡᠭᠯᠡᠬᠦ ᠭᠠᠵᠠᠷ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠢ ᠰᠡᠳᠦᠪᠲᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥᠯ ᠵᠦᠢᠯ ᠢ ᠲᠡᠮᠡᠴᠡᠨ ᠤᠯᠬᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠵᠡᠷᠭᠡ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠡᠮᠦᠷ ᠵᠠᠮ ᠤᠨ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠬᠢᠨᠠᠯᠲᠠ ᠬᠠᠮᠢᠶᠠᠷᠤᠯᠲᠠ ᠶᠢᠨ ᠨᠡᠪᠲᠡᠷᠡᠬᠦ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠢᠯᠴᠢ ᠴᠠᠬᠢᠯᠭᠠᠨ ᠨᠡᠭᠦᠷᠡᠰᠦᠲᠥ᠋ᠷᠥᠭᠴᠢ ᠶᠢᠨ ᠬᠤᠯᠪᠣᠭᠠᠲᠤ ᠠᠵᠤ ᠦᠶ᠋ᠯᠡᠰ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠵᠢᠴᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    6 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠤ᠋ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠣᠷᠣᠯᠴᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号